ᠰᠠᠶᠢᠬᠠᠨ ᠲᠣᠭᠤᠷᠢᠭ ᠤᠨ ︽ᠪᠠᠩ ᠨᠢᠩ ᠬᠤᠨᠳᠠᠭᠠᠲᠤ︾ ᠪᠡᠶ᠎ᠡ ᠴᠢᠭᠢᠷᠠᠭᠵᠢᠭᠤᠯᠬᠤ ᠨᠠᠢᠮᠠᠨ ᠬᠡᠰᠡᠭ ᠤᠨ ᠰᠣᠯᠢᠯᠴᠠᠭᠠᠨ ᠤ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 10 ᠤ ᠡᠳᠦᠷ᠂ ᠰᠠᠶᠢᠬᠠᠨ ᠲᠣᠭᠤᠷᠢᠭ ᠤᠨ ᠠᠵᠢᠯᠲᠠᠨ ᠠᠵᠢᠯᠴᠢᠨ ᠤ︽ᠪᠠᠩ ᠨᠢᠩ ᠬᠤᠨᠳᠠᠭᠠᠲᠤ︾ ᠪᠡᠶ᠎ᠡ ᠴᠢᠭᠢᠷᠠᠭᠵᠢᠭᠤᠯᠬᠤ ᠨᠠᠢᠮᠠᠨ ᠬᠡᠰᠡᠭ ᠤᠨ ᠰᠣᠯᠢᠯᠴᠠᠭᠠᠨ ᠤ ᠤᠷᠤᠯᠳᠤᠭᠠᠨ ᠰᠠᠶᠢᠬᠠᠨ ᠲᠣᠭᠤᠷᠢᠭ ᠤᠨ ᠠᠵᠢᠯᠴᠢᠨ ᠤ ᠰᠣᠶᠣᠯ ᠤᠨ ᠣᠷᠳᠣᠨ ᠳᠤ ᠶᠠᠪᠣᠭᠳᠠᠪᠠ᠃ ᠤᠷᠤᠯᠳᠤᠭᠠᠨ ᠳᠤ ᠬᠠᠮᠲᠤ ᠶᠢᠨ ᠤᠷᠤᠯᠳᠤᠭᠠᠨ ᠪᠠ ᠬᠤᠪᠢ ᠬᠥᠮᠥᠨ ᠤ ᠤᠷᠤᠯᠳᠤᠭᠠᠨ ᠤ ᠲᠥᠷᠥᠯ ᠵᠦᠢᠯ ᠲᠣᠬᠢᠷᠠᠭᠤᠯᠵᠤ᠂ ᠨᠡᠶᠢᠲᠡ 12 ᠲᠥᠯᠥᠭᠡᠯᠡᠭᠴᠢᠳ ᠤᠨ ᠠᠩᠭᠢ᠂ 37 ᠠᠵᠢᠯᠲᠠᠨ ᠠᠵᠢᠯᠴᠢᠨ ᠣᠷᠣᠯᠴᠠᠵᠠᠢ᠃          ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠰᠫᠢᠷᠠᠨᠲ ᠪᠣᠯᠣᠨ ᠥᠪᠥᠷ ᠮᠣᠩᠭᠤᠯ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠤᠭᠴᠢᠳ ᠦᠵᠡᠭᠴᠢᠳ ᠲᠤ ᠥᠩᠭᠡ ᠢᠯᠭᠠᠷᠠᠭᠰᠠᠨ ᠵᠡᠪᠰᠡᠭ ᠤᠨ ᠡᠷᠳᠡᠮ ᠤᠨ ᠦᠵᠡᠭᠦᠯᠭᠡ ᠬᠠᠩᠭᠠᠵᠤ᠂  ᠰᠠᠶᠢᠨ ᠮᠠᠭᠲᠠᠭᠠᠯ ᠣᠯᠪᠠ᠃
         ᠨᠠᠢᠮᠠᠨ ᠬᠡᠰᠡᠭ ᠬᠡᠮᠡᠷᠯᠢᠭ ᠨᠢ ᠤᠮᠠᠷᠠᠲᠤ ᠰᠦᠨ ᠤᠯᠤᠰ ᠤᠨ ᠦᠶ᠎ᠡ ᠠᠴᠠ ᠡᠭᠦᠰᠴᠦ᠂ ᠣᠳᠤ ᠠᠴᠠ ᠨᠠᠢᠮᠠᠨ ᠵᠠᠭᠤ ᠭᠠᠷᠤᠢ ᠵᠢᠯ ᠤᠨ ᠲᠡᠦᠬᠡ ᠲᠠᠢ᠃ ᠨᠠᠢᠮᠠᠳᠤᠭᠠᠷ ᠬᠡᠰᠡᠭ᠄ ᠵᠥᠭᠡᠯᠡᠨ ᠬᠥᠳᠡᠯᠭᠡᠭᠡᠨ ᠢᠶᠠᠷ ᠪᠡᠶ᠎ᠡ ᠶᠢᠨ ᠠᠳᠬᠤᠷᠠᠭ᠎ᠠ ᠭᠠᠷᠭᠠᠬᠤ᠂ ᠠᠮᠢᠰᠬᠤᠭ᠎ᠠ ᠪᠠᠨ ᠲᠣᠬᠢᠷᠠᠭᠤᠯᠤᠨ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠤᠷᠲᠤ ᠨᠠᠰᠤᠯᠠᠭᠤᠯᠬᠤ ᠵᠣᠷᠢᠯᠭ᠎ᠠ ᠳᠤ ᠬᠦᠷᠦᠭᠰᠡᠨ ᠪᠠᠶᠢᠨ᠎ᠠ᠃ ᠤᠷᠤᠯᠳᠤᠭᠠᠨ ᠳᠤ᠂ ᠲᠠᠮᠢᠷᠴᠢᠳ ᠬᠥᠭᠵᠢᠮ ᠤᠨ ᠠᠶ᠎ᠠ ᠶᠢ ᠳᠠᠭᠠᠵᠤ ᠬᠦᠳᠡᠯᠭᠡᠨ ᠬᠢᠵᠦ᠂  ᠬᠡᠰᠡᠭ ᠬᠡᠮᠡᠷᠯᠢᠭ ᠰᠠᠨᠠᠭ᠎ᠠ ᠶᠢ ᠲᠠᠶᠢᠯᠪᠤᠷᠢᠯᠠᠭᠰᠠᠨ ᠪᠠᠶᠢᠨ᠎ᠠ᠃          ︽ᠲᠤᠰ ᠤᠳᠠᠭᠠᠨ ᠤ ᠤᠷᠤᠯᠳᠤᠭᠠᠨ ᠪᠣᠯᠪᠠᠰᠤᠷᠠᠯ ᠤᠨ ᠦᠷ᠎ᠡ ᠪᠦᠲᠦᠭᠡᠯ ᠢ ᠨᠢᠭᠡ ᠤᠳᠠᠭ᠎ᠠ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ ᠠᠵᠠ ᠲᠣᠬᠢᠶᠠᠯ ᠪᠣᠯᠣᠨ᠎ᠠ᠃ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠪᠦᠯᠬᠦᠮᠳᠡᠨ ᠳᠠᠪᠰᠢᠭᠰᠠᠨ᠂ ᠵᠣᠷᠢᠭᠲᠠᠢ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠣᠨ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠲᠣᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ︾ ᠭᠡᠵᠦ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠳᠡᠳ᠋ ᠲᠡᠷᠢᠭᠦᠯᠡᠭᠴᠢ ᠯᠢ ᠬᠤᠢ ᠬᠡᠯᠡᠪᠡ
     ᠲᠣᠰ ᠤᠳᠠᠭᠠᠨ ᠤ ︽ᠪᠠᠩ ᠨᠢᠩ ᠬᠤᠨᠳᠠᠭᠠᠲᠤ︾ ᠨᠠᠢᠮᠠᠨ ᠬᠡᠰᠡᠭ ᠤᠨ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠲᠠᠮᠢᠷ ᠤᠨ ᠤᠷᠤᠯᠳᠤᠭᠠᠨ ᠤ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠨᠠᠩ ᠴᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠠᠶᠢᠬᠠᠨ ᠲᠣᠭᠤᠷᠢᠭ ᠤᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠠᠷᠭ᠎ᠠ ᠶᠢ ᠠᠩᠬᠠᠷᠤᠨ ᠬᠠᠯᠠᠮᠵᠢᠯᠠᠵᠤ ᠣᠷᠣᠯᠴᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠩ ᠣᠯᠠᠨ ᠬᠥᠮᠥᠨ ᠢ ᠨᠠᠢᠮᠠᠨ ᠬᠡᠰᠡᠭ ᠶᠢᠨ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠪᠠ ᠡᠷᠡᠭᠦᠯ ᠮᠡᠨᠳᠦ ᠶᠢ ᠬᠠᠮᠲᠤ ᠪᠠᠷ ᠭᠥᠷᠳᠡᠬᠦ ᠶᠢ ᠵᠣᠷᠢᠭᠵᠢᠭᠤᠯᠬᠤ ᠪᠣᠯᠣᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号