| | ᠣᠶᠢᠷ᠎ᠠ ᠶᠢᠨ ᠵᠢᠯ ᠳᠤ ᠭᠦᠭᠡᠬᠤᠲᠠ ︽ᠰᠢᠷᠬᠡᠭ ᠡᠪᠡᠰᠦ ᠠᠴᠠ ᠴᠣᠮᠣ ᠰᠦ ᠭᠦᠷᠲᠡᠯ᠎ᠡ᠂ ᠳᠠᠭᠢᠭᠠᠳ ᠬᠡᠰᠡᠭ | ᠪᠢᠰᠢᠯᠠᠭ ᠬᠦᠷᠲᠡᠯᠡᠬᠢ︾ ᠪᠦᠭᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠂ ᠴᠠᠭᠠᠨ ᠢᠳᠡᠭᠡᠨ ᠤ ᠳᠡᠯᠡᠬᠡᠢ ᠶᠢᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ︽ᠳᠤᠮᠳᠠᠳᠤ ᠤᠯᠤᠰ ᠤᠨ ᠴᠠᠭᠠᠨ ᠢᠳᠡᠭᠡᠨ ᠤ | ᠬᠤᠲᠠ︾ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠶᠢᠨ ᠲᠥᠯᠥᠭᠡ᠂ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠪᠡᠰᠦᠨ ᠤ ᠦᠢᠯᠡᠰ ᠢ ᠬᠦᠴᠦᠯᠡᠨ ᠬᠥᠭᠵᠢᠭᠦᠯᠵᠦ᠂ ᠰᠦ ᠶᠢᠨ ᠦᠢᠯᠡᠰ ᠤᠨ | ᠠᠵᠤ ᠦᠢᠯᠡᠰ ᠤᠨ ᠬᠡᠯᠬᠢᠶᠡᠨ ᠤ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠨ᠂ ᠰᠦ ᠶᠢᠨ ᠦᠢᠯᠡᠰ ᠤᠨ | ᠬᠥᠭᠵᠢᠯᠲᠡ ᠳᠤ ᠪᠠᠲᠤ ᠲᠤᠯᠭᠠᠭᠤᠷᠢᠯᠠᠯ ᠬᠠᠩᠭᠠᠵᠤ ᠪᠠᠶᠢᠨ᠎ᠠ᠃ | | | ᠭᠦᠭᠡᠬᠤᠲᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠮᠠᠯ | ᠡᠪᠡᠰᠦ ᠶᠢ ᠨᠢᠭᠡ ᠴᠣᠭᠴᠠᠵᠢᠭᠤᠯᠬᠤ︾ ᠱᠠᠩᠨᠠᠯ ᠤᠨ ᠲᠣᠭᠲᠠᠴᠠ ᠶᠢ ᠬᠡᠷᠡᠭᠵᠢᠭᠦᠯᠬᠦ ᠪᠠᠷ ᠳᠠᠮᠵᠢᠨ ᠴᠠᠷᠭᠠᠰᠤ ᠪᠠ | ᠨᠣᠬᠠᠢ ᠶᠢᠨ ᠬᠤᠰᠢᠭᠤ ᠳᠠᠷᠢᠬᠤ ᠶᠢᠨ ᠬᠠᠮᠲᠤ ᠰᠠᠭᠠᠯᠢ ᠶᠢᠨ ᠦᠨᠢᠶᠡᠨ ᠤ ᠲᠡᠵᠢᠭᠡᠪᠦᠷᠢ ᠶᠢᠨ ᠲᠠᠯᠠᠪᠠᠶ ᠳᠤ | ᠪᠣᠷᠣᠯᠠᠭᠤᠯᠵᠤ ᠪᠠᠶᠢᠭ᠎ᠠ ᠬᠠᠭᠤᠷᠠᠢ ᠡᠪᠡᠰᠦ ᠪᠠ ᠬᠥᠬᠡ ᠳᠠᠷᠤᠰᠢ ᠳᠤ ᠪᠡᠯᠡ ᠮᠥᠩᠭᠦ ᠶᠢᠨ ᠨᠥᠬᠦᠪᠦᠷᠢ ᠣᠯᠭᠤᠵᠤ | ᠪᠠᠶᠢᠨ᠎ᠠ᠃ ︽ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ︾ ᠡᠪᠡᠰᠦᠨ ᠦᠷ᠎ᠡ ᠶᠢᠨ | ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠵᠤ᠂ ᠪᠦᠭᠦ ᠳᠡᠯᠡᠬᠡᠢ ᠳᠤ ᠨᠥᠯᠥᠭᠡᠯᠡᠬᠦ | ᠬᠦᠴᠦᠨ ᠲᠠᠢ ᠡᠪᠡᠰᠦᠨ ᠤ ᠦᠷ᠎ᠡ ᠶᠢᠨ ᠲᠥᠷᠥᠯ ᠲᠡᠮᠳᠡᠭ ᠢ ᠪᠤᠶ ᠪᠣᠯᠭᠠᠨ ᠰᠢᠶᠠᠨ ᠳ᠋ᠠᠢ᠂ ᠵᠧᠩ ᠱᠢ᠂ ᠮᠧᠩ ᠼᠤᠤ | ᠵᠡᠷᠭᠡ ᠳᠠᠭᠠᠭᠤᠯᠤᠭᠴᠢ ᠡᠪᠡᠰᠦᠨ ᠤ ᠠᠵᠤ ᠠᠬᠤᠶᠢᠯᠠᠯ ᠤᠨ ᠴᠤᠭᠯᠠᠷᠠᠯ ᠤᠨ ᠨᠥᠯᠥᠭᠡᠯᠡᠯ ᠢ ᠪᠤᠶ ᠪᠤᠯᠭᠠᠬᠤ ᠶᠢ | ᠠᠬᠢᠭᠤᠯᠵᠤ᠂ ᠣᠷᠣᠨ ᠨᠤᠲᠤᠭ ᠤᠨ ᠡᠪᠡᠰᠦᠨ ᠦᠷ᠎ᠡ ᠶᠢᠨ ᠦᠢᠯᠡᠰ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ | ᠪᠤᠢ᠃ 2024 ᠣᠨ ᠳᠤ ᠪᠦᠭᠦ ᠬᠤᠲᠠ ᠶᠢᠨ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠤᠨ ᠶᠡᠷᠦᠩᠬᠡᠢ ᠲᠠᠯᠠᠪᠠᠶ | 160 ᠲᠦᠮᠡᠨ ᠮᠦ ᠳᠤ ᠬᠦᠷᠴᠦ᠂ 400 ᠲᠦᠮᠡᠨ ᠲᠣᠨ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ ᠶᠢ | ᠲᠣᠭᠲᠠᠭᠤᠨ ᠢᠶᠠᠷ ᠬᠠᠩᠭᠠᠵᠤ᠂ ᠲᠡᠵᠢᠭᠡᠯ ᠡᠪᠡᠰᠦ ᠪᠣᠷᠳᠣᠭᠠᠨ ᠤ ᠥᠪᠡᠷ ᠢ ᠪᠠᠨ ᠬᠠᠩᠭᠠᠬᠤ ᠨᠣᠷᠮ᠎ᠠ ᠨᠢ 80% ᠶᠢ | ᠳᠠᠪᠠᠵᠠᠢ᠃ ᠡᠭᠦᠨ ᠳᠤ ᠬᠥᠬᠡ ᠳᠠᠷᠤᠰᠢ ᠶᠢᠨ ᠡᠷᠳᠡᠨᠢ ᠰᠢᠰᠢ ᠶᠢᠨ ᠥᠪᠡᠷ ᠢ ᠪᠠᠨ ᠬᠠᠩᠭᠠᠬᠤ ᠨᠣᠷᠮ᠎ᠠ 100% ᠳᠤ | ᠬᠦᠷᠴᠦ᠂ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ 40% ᠳᠤ ᠬᠦᠷᠴᠦ᠂ ᠨᠣᠬᠠᠢ ᠶᠢᠨ ᠬᠤᠰᠢᠭᠤ ᠶᠢᠨ | ᠥᠪᠡᠷ ᠢ ᠪᠠᠨ ᠬᠠᠩᠭᠠᠬᠤ ᠨᠣᠷᠮ᠎ᠠ 53.3% ᠳᠤ ᠬᠦᠷᠴᠦ᠂ ︽ᠮᠠᠯᠵᠢᠯ ᠤᠨ ᠲᠠᠯᠠᠪᠠᠶ ᠶᠢᠨ ᠡᠷᠭᠢᠨ ᠲᠣᠭᠤᠷᠢᠨ ᠳᠤ | ᠡᠪᠡᠰᠦ ᠪᠡᠯᠴᠢᠭᠡᠷ ᠲᠠᠢ ᠪᠠᠶᠢᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃ | | | ᠭᠦᠭᠡᠬᠤᠲᠠ ᠡᠪᠡᠰᠦᠨ ᠦᠷ᠎ᠡ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠥᠯ ᠰᠠᠶᠢᠲᠠᠢ ᠡᠪᠡᠰᠦ ᠪᠣᠷᠳᠣᠭᠠᠨ ᠤ ᠮᠡᠷᠭᠡᠵᠢᠯ ᠤᠨ ᠪᠦᠰᠡᠯᠡᠯᠲᠡ | ᠰᠢᠪᠲᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠲᠠᠢ ᠢᠳᠡᠪᠬᠢᠲᠡᠢ ᠬᠠᠮᠲᠤᠷᠠᠨ ᠠᠵᠢᠯᠯᠠᠵᠤ᠂ ᠰᠥᠯ ᠰᠠᠶᠢᠲᠠᠢ ᠡᠪᠡᠰᠦ ᠪᠣᠷᠳᠤᠭ᠎ᠠ ᠳᠠᠷᠢᠬᠤ ᠲᠠᠯ᠎ᠠ ᠪᠠᠷ | ᠮᠡᠷᠭᠡᠵᠢᠯ ᠤᠨ ᠪᠦᠰᠡᠯᠡᠯᠲᠡ ᠰᠢᠪᠲᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠰᠥᠯ ᠰᠠᠶᠢᠲᠠᠢ ᠴᠠᠷᠭᠠᠰᠤ ᠶᠢᠨ | ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠠᠰᠢᠭᠯᠠᠬᠤ ᠶᠢ ᠬᠦᠴᠦᠯᠡᠨ | ᠠᠬᠢᠭᠤᠯᠵᠤ᠂ ᠤᠯᠤᠰ ᠤᠨ ᠡᠪᠡᠰᠦ ᠪᠣᠷᠳᠣᠭᠠᠨ ᠤ ᠦᠷ᠎ᠡ ᠶᠢᠨ ᠡᠬᠢ ᠪᠠᠶᠠᠯᠢᠭ ᠤᠨ ᠤᠷᠲᠤᠪᠲᠤᠷ ᠪᠠ ᠤᠷᠲᠤ | ᠬᠤᠭᠤᠴᠠᠭᠠᠨ ᠤ ᠬᠥᠮᠥᠷᠭᠡ ᠪᠣᠯᠣᠨ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ | ᠴᠠᠷᠭᠠᠰᠤ᠂ ᠨᠣᠬᠠᠢ ᠶᠢᠨ ᠬᠤᠰᠢᠭᠤ ᠶᠢᠨ ᠣᠷᠣᠨ ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢ 44 ᠵᠦᠢᠯ ᠨᠡᠶᠢᠲᠡᠯᠡᠪᠡ᠃ | ᠡᠶᠢᠨ ᠬᠦ ︽ᠪᠣᠶᠢᠵᠢᠭᠤᠯᠬᠤ᠂ ᠦᠷᠡᠵᠢᠭᠦᠯᠬᠦ᠂ ᠲᠠᠷᠢᠬᠤ᠂ ᠪᠤᠯᠪᠠᠰᠤᠷᠠᠭᠤᠯᠬᠤ᠂ ᠠᠰᠢᠭᠯᠠᠬᠤ︾ ᠶᠢ ᠨᠢᠭᠡ | ᠴᠣᠭᠴᠠᠵᠢᠭᠤᠯᠤᠭᠰᠠᠨ ᠮᠡᠷᠭᠡᠵᠢᠯ ᠤᠨ ᠰᠢᠰᠲ᠋ᠧᠮ ᠢ ᠪᠦᠷᠢᠯᠳᠦᠭᠦᠯᠦᠭᠰᠡᠨ ᠠᠴᠠ ᠰᠥᠯ ᠰᠠᠶᠢᠲᠠᠢ ᠴᠠᠷᠭᠠᠰᠤ ᠶᠢᠨ ᠮᠦ | ᠪᠦᠷᠢ ᠶᠢᠨ ᠳᠤᠮᠳᠠᠴᠢ ᠤᠨᠠᠯᠲᠠ ᠶᠢ 43% ᠪᠠᠷ ᠳᠡᠭᠡᠭᠰᠢᠯᠡᠭᠦᠯᠦᠨ᠂ ᠡᠪᠡᠰᠦᠨ ᠤ ᠪᠦᠳᠦᠭᠦᠯᠢᠭ ᠤᠭᠤᠷᠠᠭ ᠤᠨ | ᠠᠭᠤᠯᠤᠭᠳᠠᠴᠠ ᠶᠢ 21% ᠳᠤ ᠬᠦᠷᠭᠡᠵᠦ᠂ ᠲᠤᠬᠠᠢ ᠶᠢᠨ ᠭᠠᠵᠠᠷ ᠤᠨ ᠴᠠᠷᠭᠠᠰᠤ ᠪᠠᠷ ᠲᠡᠵᠢᠭᠡᠯ ᠪᠣᠷᠳᠤᠭ᠎ᠠ | ᠪᠤᠯᠭᠠᠬᠰᠠᠨ ᠰᠠᠭᠠᠯᠢ ᠶᠢᠨ ᠦᠨᠢᠶᠡᠨ ᠤ ᠡᠳᠦᠷ ᠤᠨ ᠰᠦ ᠶᠢᠨ ᠭᠠᠷᠤᠯᠲᠠ ᠶᠢ 1 ᠵᠢᠩ ᠨᠡᠮᠡᠭᠳᠡᠭᠦᠯᠵᠦ᠂ ᠲᠡᠵᠢᠭᠡᠯ | ᠡᠪᠡᠰᠦᠨ ᠤ ᠶᠠᠰᠤ ᠴᠢᠨᠠᠷ ᠪᠠ ᠭᠠᠷᠤᠯᠲᠠ ᠶᠢᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠪᠡ᠃ | | | ᠭᠦᠭᠡᠬᠤᠲᠠ ᠲᠠᠷᠢᠮᠠᠯ ᠡᠪᠡᠰᠦ ᠪᠠ ᠬᠥᠬᠡ ᠳᠠᠷᠤᠰᠢ ᠶᠢᠨ ᠡᠷᠳᠡᠨᠢ ᠰᠢᠰᠢ ᠶᠢᠨ ᠠᠳᠠᠯᠢ ᠪᠤᠰᠤ | ᠤᠰᠤᠯᠠᠯᠲᠠ ᠶᠢᠨ ᠠᠷᠭ᠎ᠠ ᠭᠡᠯᠪᠡᠷᠢ᠂ ᠬᠤᠷᠠᠮᠠᠯ ᠬᠡᠷᠡᠭᠯᠡᠯᠲᠡ ᠶᠢᠨ ᠵᠠᠭᠪᠤᠷ ᠵᠢᠴᠢ ᠬᠠᠳᠤᠵᠤ ᠬᠤᠷᠢᠶᠠᠨ ᠪᠣᠭᠤᠳᠠᠯᠯᠠᠵᠤ | ᠪᠤᠯᠪᠠᠰᠤᠷᠠᠭᠤᠯᠬᠤ ᠵᠡᠷᠭᠡ ᠣᠯᠠᠨ ᠵᠦᠢᠯ ᠤᠨ ᠣᠨᠴᠠᠯᠢᠭᠲᠤ ᠦᠢᠯᠡᠳᠪᠦᠷᠢᠯᠡᠯ ᠤᠨ ᠵᠠᠭᠪᠤᠷ ᠢ ᠢᠳᠡᠪᠬᠢᠲᠡᠢ | ᠰᠦᠪᠡᠭᠴᠢᠯᠡᠨ᠂ ︽ᠴᠠᠷᠭᠠᠰᠤ + ᠡᠷᠳᠡᠨᠢ ᠰᠢᠰᠢ ᠶᠢᠨ ᠬᠥᠬᠡ ᠳᠠᠷᠤᠰᠢ + ᠨᠣᠬᠠᠢ ᠶᠢᠨ ᠬᠤᠰᠢᠭᠤ︾ ᠶᠢᠨ | ᠰᠠᠭᠠᠯᠢ ᠶᠢᠨ ᠦᠨᠢᠶᠡᠨ ᠤ ᠭᠤᠷᠪᠠᠨ ᠶᠡᠭᠡ ᠲᠣᠭᠲᠠᠭᠤᠨ ᠲᠡᠵᠢᠭᠡᠯ ᠡᠪᠡᠰᠦᠨ ᠤ ᠬᠠᠩᠭᠠᠬᠤ ᠰᠢᠰᠲ᠋ᠧᠮ ᠢ ᠠᠩᠬ᠎ᠠ | ᠠᠯᠬᠤᠮ ᠪᠦᠷᠢᠯᠳᠦᠭᠦᠯᠵᠦ᠂ ᠲᠡᠵᠢᠭᠡᠯ ᠡᠪᠡᠰᠦ ᠶᠢ ᠬᠠᠮᠤᠭ ᠤᠨ ᠰᠠᠶᠢᠨ ᠰᠡᠯᠭᠦᠨ ᠲᠠᠷᠢᠬᠤ ᠲᠠᠷᠢᠮᠠᠯ ᠤᠨ ᠲᠥᠷᠥᠯ | ᠪᠣᠯᠭᠠᠨ ᠪᠣᠬᠢᠷᠳᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠠᠮᠢ ᠠᠬᠤᠢ ᠶᠢᠨ ᠲᠠᠷᠢᠶᠠᠯᠠᠩ ᠤᠨ ᠨᠡᠶᠢᠲᠡᠯᠢᠭ | ᠵᠢᠱᠢᠶ᠎ᠡ ᠪᠣᠯᠭᠠᠪᠠ᠃ ᠡᠭᠦᠨ ᠤ ᠬᠠᠮᠲᠤ ︽ᠲᠡᠵᠢᠭᠡᠬᠦ ᠪᠠᠷ ᠳᠠᠷᠢᠬᠤ ᠶᠢ ᠳᠠᠶᠢᠴᠢᠯᠠᠬᠤ︾ᠦᠢᠯᠡᠳᠪᠦᠷᠢᠯᠡᠯ ᠤᠨ ᠠᠷᠭ᠎ᠠ | ᠭᠡᠯᠪᠡᠷᠢ ᠪᠠᠷ ᠳᠠᠮᠵᠢᠨ︽ᠳᠠᠷᠢᠬᠤ + ᠲᠡᠵᠢᠭᠡᠬᠦ + ᠪᠣᠷᠳᠣᠭᠤᠷ ᠢ ᠲᠠᠷᠢᠶᠠᠨ ᠳᠤ ᠪᠤᠴᠠᠭᠠᠬᠤ︾ ᠰᠠᠶᠢᠨ ᠰᠠᠶᠢᠬᠠᠨ | ᠡᠷᠭᠢᠯᠲᠡ ᠶᠢ ᠪᠤᠢ ᠪᠤᠯᠭᠠᠵᠤ᠂ ᠮᠠᠯᠵᠢᠯ ᠤᠨ ᠲᠠᠯᠠᠪᠠᠶ ᠶᠢᠨ ᠰᠢᠭᠡᠭ ᠪᠣᠷᠳᠣᠭᠤᠷ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠠᠮᠢ ᠠᠬᠤᠢ ᠶᠢᠨ ᠰᠢᠰᠲ᠋ᠧᠮ ᠳᠠᠬᠢ ᠪᠠᠭ᠎ᠠ ᠨᠡᠭᠦᠷᠡᠰᠦᠲᠥ᠋ᠷᠥᠭᠴᠢᠲᠦ | ᠡᠷᠭᠢᠯᠲᠡᠲᠦ ᠠᠰᠢᠭᠯᠠᠯᠲᠠ ᠶᠢᠨ ᠬᠠᠮᠤᠭ ᠤᠨ ᠰᠠᠶᠢᠨ ᠵᠠᠭᠪᠤᠷ ᠢ ᠡᠭᠦᠳᠴᠡᠢ᠃ |