ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠤᠨ ᠤ ᠠᠮᠠᠷᠠᠯᠲᠠ ᠶᠢᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠵᠦ ᠭᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ 
ᠨᠡᠶᠢᠲᠡᠯᠡᠭᠰᠡᠨ ᠴᠠᠭ᠄
2024/7/16
 ᠬᠦᠨᠳᠦᠲᠦ ᠭᠡᠷ ᠤᠨ ᠠᠬᠠᠮᠠᠳ᠂ ᠬᠠᠢᠷᠠᠲᠤ ᠰᠤᠷᠤᠭᠴᠢᠳ ᠮᠢᠨᠢ᠄                  2024 ᠣᠨ ᠤ ᠵᠤᠨ ᠤ ᠠᠮᠠᠷᠠᠯᠲᠠ᠂ ᠬᠡᠦᠬᠡᠳ ᠢ ᠪᠠᠶᠠᠷ ᠪᠠᠶᠠᠰᠬᠤᠯᠠᠩ ᠲᠠᠢ ᠪᠥᠭᠡᠳ ᠤᠳᠬ᠎ᠠ ᠠᠭᠤᠯᠭ᠎ᠠ ᠲᠠᠢ ᠠᠮᠠᠷᠠᠯᠲᠠ ᠶᠢ ᠥᠩᠭᠡᠷᠡᠭᠡᠵᠦ᠂ ᠵᠣᠨ ᠤ ᠠᠮᠠᠷᠠᠯᠲᠠ ᠶᠢᠨ ᠰᠤᠷᠤᠯᠴᠠᠯᠭ᠎ᠠ ᠠᠮᠢᠳᠤᠷᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂  ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ ᠥᠷᠭᠡᠨ ᠤᠯᠠᠨ ᠭᠡᠷ ᠤᠨ ᠠᠬᠠᠮᠠᠳ ᠲᠤ ᠳᠣᠣᠷᠠᠬᠢ ᠮᠡᠲᠦ ᠰᠠᠨᠠᠭᠤᠯᠭ᠎ᠠ᠄ ᠬᠠᠤᠯᠢ ᠶᠢ ᠵᠥᠷᠢᠴᠡᠭᠰᠡᠨ ᠪᠣᠯᠪᠠᠰᠤᠷᠠᠯ ᠢ ᠲᠣᠳᠣᠷᠬᠠᠢ ᠲᠠᠨᠢᠵᠤ᠂ ᠲᠤᠰ ᠪᠡᠶ᠎ᠡ ᠶᠢᠨ ᠠᠰᠢᠭ ᠲᠤᠰᠠ ᠪᠠᠨ ᠬᠠᠮᠠᠭᠠᠯᠠᠬᠤ ᠬᠡᠷᠡᠭᠳᠡᠢ᠃            ᠭᠡᠷ ᠤᠨ ᠠᠬᠠᠮᠠᠳ ᠬᠡᠦᠬᠡᠳ ᠤᠨ ᠡᠷᠬᠡ ᠲᠡᠭᠰᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠳᠤ ᠡᠷᠡᠭᠦᠯ ᠢᠶᠠᠷ ᠦᠰᠦᠨ ᠪᠣᠶᠢᠵᠢᠬᠤ ᠶᠢᠨ ᠲᠥᠯᠥᠭᠡ᠂ ︽ᠳᠥᠷᠪᠡᠨ ᠵᠦᠢᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ︾ ᠤᠨ ᠦᠶᠯᠡ ᠠᠵᠢᠯᠯᠠᠭ᠎ᠠ ᠶᠢ ᠲᠣᠳᠣᠷᠬᠠᠢ ᠲᠠᠨᠢᠬᠤ ᠶᠢᠨ ᠬᠠᠮᠲᠤ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠢ᠄ ᠨᠢᠭᠡ ᠳᠤ ᠶᠠᠮᠠᠷᠪᠠ ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠯᠠᠪᠯᠠᠯᠲᠠ᠂ ᠨᠢᠭᠡ ᠨᠢᠭᠡ ᠪᠠᠷ ᠬᠠᠷᠠᠭᠠᠯᠵᠠᠬᠤ᠂ ᠭᠡᠷ ᠤᠨ ᠪᠠᠭᠰᠢ᠂ ᠳᠡᠭᠡᠳᠦ ᠲᠠᠰ ᠤᠨ ᠭᠡᠷ ᠤᠨ ᠶᠠᠪᠤᠳᠠᠯ᠂ ᠨᠡᠶᠢᠲᠡ ᠣᠯᠠᠨ ᠢᠶᠠᠷ ᠢᠶᠠᠨ ᠬᠤᠪᠢ ᠬᠥᠮᠥᠨ ᠤ ᠵᠢᠭᠠᠨ ᠰᠤᠷᠭᠠᠯᠲᠠ᠂ ᠳᠠᠪᠲᠠᠯᠭ᠎ᠠ ᠶᠢᠨ ᠨᠠᠶᠢᠳᠠᠨ ᠬᠠᠮᠢᠶᠠᠷᠤᠭᠤᠯᠬᠤ᠂ ᠰᠦᠢᠳᠬᠡᠯ ᠬᠤᠷᠢᠶᠠᠬᠤ ᠦᠭᠡᠢ ᠪᠠᠷ ᠬᠠᠮᠲᠤ ᠰᠤᠷᠤᠯᠴᠠᠬᠤ᠂ ᠵᠥᠭᠡᠯᠡᠨ ᠲᠣᠨᠤᠭ ᠢ ᠪᠡᠶᠡᠴᠢᠯᠡᠨ ᠣᠶᠢᠯᠠᠭᠠᠬᠤ︾ ᠵᠢᠴᠢ ᠡᠯ᠎ᠡ ᠲᠥᠷᠥᠯ ᠤᠨ ᠵᠤᠨ ︵ᠡᠪᠦᠯ︶ ᠤ ᠵᠤᠰᠠᠯᠠᠩ ᠵᠡᠷᠭᠡ ᠨᠡᠷ᠎ᠡ ᠪᠠᠷ ᠥᠷᠨᠢᠭᠦᠯᠦᠭᠰᠡᠨ ᠳᠠᠯᠳᠠ ᠣᠨᠳᠣᠣᠰᠢᠭᠰᠠᠨ ᠰᠢᠨᠵᠢᠯᠡᠭᠡᠨ ᠤ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ ᠦᠶᠯᠡ ᠠᠵᠢᠯᠯᠠᠭ᠎ᠠ︔ ᠬᠤᠶᠠᠷ ᠲᠤ ᠰᠤᠷᠭᠠᠭᠤᠯᠢ ᠡᠷᠭᠢᠯᠡᠬᠦ ᠬᠢᠷᠢ ᠬᠡᠮ ᠦᠭᠡᠢ ᠦᠨᠡᠮᠯᠡᠯ ᠦᠭᠡᠢ ᠪᠠᠷ ᠪᠣᠯᠪᠠᠰᠤᠷᠠᠭᠤᠯᠤᠯ ᠥᠷᠨᠢᠭᠦᠯᠬᠦ ᠪᠠ ᠰᠤᠷᠭᠠᠭᠤᠯᠢ ᠡᠷᠭᠢᠯᠡᠬᠦ ᠬᠢᠷᠢ ᠬᠡᠮ ᠣᠯᠣᠭᠰᠠᠨ ᠪᠣᠯᠪᠠᠴᠤ ᠬᠡᠪᠴᠢᠶ᠎ᠡ ᠠᠴᠠ ᠬᠡᠲᠦᠷᠡᠭᠦᠯᠦᠨ ᠪᠣᠯᠪᠠᠰᠤᠷᠠᠭᠤᠯᠤᠯ ᠥᠷᠨᠢᠭᠦᠯᠬᠦ ᠦᠶᠯᠡ ᠠᠵᠢᠯᠯᠠᠭ᠎ᠠ︔ ᠭᠤᠷᠪᠠ ᠳᠤ ᠠᠵᠢᠯᠯᠠᠵᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠲᠥᠯᠥᠪᠦᠷᠢ ᠲᠠᠢ ᠪᠠᠷ ᠬᠢᠴᠢᠶᠡᠯ ᠨᠥᠬᠦᠬᠦ ᠪᠤᠶᠤ ᠰᠤᠷᠤᠭᠴᠢᠳ ᠢ ᠥᠳᠥᠭᠡᠨ ᠳᠠᠭᠠᠭᠤᠯᠵᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠣᠷᠣᠯᠴᠠᠭᠤᠯᠬᠤ ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠦᠶᠯᠡ ᠠᠵᠢᠯᠯᠠᠭ᠎ᠠ︔  ᠳᠥᠷᠪᠡ ᠳᠤ ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ᠂ ᠰᠡᠳᠬᠢᠬᠦᠢ ᠶᠢᠨ ᠬᠡᠪ ᠪᠣᠯᠪᠠᠰᠤᠷᠠᠯ᠂ ᠤᠯᠤᠰ ᠤᠨ ᠰᠤᠷᠤᠯᠭ᠎ᠠ ᠶᠢᠨ ᠬᠡᠪ ᠪᠣᠯᠪᠠᠰᠤᠷᠠᠯ ᠵᠡᠷᠭᠡ ᠨᠡᠷ᠎ᠡ ᠪᠠᠷ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠥᠷᠨᠢᠭᠦᠯᠦᠭᠰᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠤᠨ ᠦᠢᠯᠡ ᠠᠵᠢᠯᠯᠠᠭ᠎ᠠ᠃ ᠪᠢᠳᠡ ᠲᠠᠨ ᠳᠤ᠄ ᠬᠠᠤᠯᠢ ᠪᠤᠰᠤ ᠪᠠᠶᠢᠭᠤᠯᠤᠮᠵᠢ ᠣᠴᠢᠵᠤ ᠪᠣᠯᠬᠤ ᠦᠭᠡᠢ ᠭᠡᠵᠦ ᠰᠠᠨᠠᠭᠤᠯᠵᠤ ᠪᠠᠢᠨ᠎ᠠ᠃ ᠰᠦᠢᠳᠬᠡᠯ ᠪᠤᠴᠠᠭᠠᠬᠤ ᠵᠢᠭᠤᠷᠠᠯᠳᠤᠭᠠᠨ᠂ ᠠᠮᠤᠷ ᠲᠦᠪᠰᠢᠨ ᠤ ᠠᠳᠡᠯ ᠭᠠᠷᠤᠮᠠᠭᠴᠠ ᠲᠠᠨ ᠤ ᠬᠠᠤᠯᠢ ᠶᠣᠰᠣᠨ ᠤ ᠡᠷᠬᠡ ᠠᠰᠢᠭ ᠨᠢ ᠪᠠᠲᠤᠯᠠᠭ᠎ᠠ ᠣᠯᠬᠤ ᠶᠢᠨ ᠠᠷᠭ᠎ᠠ ᠦᠭᠡᠢ ᠶᠤᠮ︕           ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨᠵᠢᠯᠡᠭᠡᠨ ᠤ ᠲᠥᠷᠥᠯ ᠤᠨ ᠳᠠᠯᠳᠠ ᠬᠤᠪᠢᠷᠠᠯᠲᠠ ᠶᠢᠨ ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠵᠢᠴᠢ ᠠᠵᠢᠯ ᠳᠤ ᠪᠠᠶᠢᠭ᠎ᠠ ᠪᠠᠭᠰᠢ ᠶᠢᠨ ᠬᠢᠴᠢᠶᠡᠯ ᠨᠥᠬᠦᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠣᠯᠣᠨ᠎ᠠ᠃ ᠪᠢᠳᠡ ᠥᠷᠭᠡᠨ ᠣᠯᠠᠨ ᠭᠡᠷ ᠤᠨ ᠠᠬᠠᠮᠠᠳ ᠨᠠᠶᠢᠵᠠ ᠨᠠᠷ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠠᠴᠠ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠶᠢᠨ ᠬᠠᠮᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠯᠢᠪᠠ ᠪᠣᠯᠪᠠᠰᠤᠷᠠᠯ ᠢ ᠢᠳᠡᠪᠬᠢᠲᠡᠢ ᠢᠯᠡᠴᠢᠯᠡᠨ ᠮᠡᠳᠡᠭᠦᠯᠵᠦ᠂ ᠠᠵᠢᠯ ᠳᠤ ᠪᠠᠶᠢᠭ᠎ᠠ ᠪᠠᠭᠰᠢ ᠨᠠᠷ ᠤᠨ ᠲᠣᠭᠲᠠᠭᠠᠯ ᠶᠣᠰᠣᠭᠠᠷ ᠵᠢᠭᠠᠨ ᠰᠤᠷᠭᠠᠬᠤ ᠠᠵᠢᠯᠯᠠᠭ᠎ᠠ ᠳᠤ ᠬᠢᠨᠠᠯᠲᠠ ᠲᠠᠯᠪᠢᠵᠤ᠂ ᠬᠡᠦᠬᠡᠳ ᠤᠳ ᠲᠤ ᠬᠠᠮᠲᠤ ᠪᠠᠷ ᠰᠠᠶᠢᠨ ᠰᠠᠶᠢᠬᠠᠨ ᠬᠥᠮᠦᠵᠢᠯ ᠪᠣᠯᠪᠠᠰᠤᠷᠠᠭᠤᠯᠤᠯ ᠤᠨ ᠡᠮᠬᠢ ᠳᠢᠭᠯᠢᠮ ᠢ ᠪᠣᠶ ᠪᠣᠯᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃                  ᠬᠠᠶᠢᠷᠠᠲᠤ ᠬᠡᠦᠬᠡᠳ ᠤᠨ ᠰᠤᠷᠤᠯᠴᠠᠯᠭ᠎ᠠ ᠤᠷᠤᠭᠰᠢᠯᠠᠵᠤ᠂ ᠢᠳᠡᠷᠡᠭᠦᠨ ᠢᠶᠠᠷ ᠦᠰᠦᠨ ᠪᠣᠶᠢᠵᠢᠬᠤ ᠶᠢ ᠬᠦᠰᠡᠶ᠎ᠡ!            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号