| | ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠣᠷᠴᠢᠮᠬᠠᠨ ᠪᠥᠵᠢᠭᠲᠦ ᠵᠦᠴᠦᠭᠡ ︽ᠮᠣᠷᠢᠲᠤ | ᠴᠡᠷᠢᠭ︾ ᠤᠨ ᠪᠦᠭᠦ ᠤᠯᠤᠰ ᠲᠠᠬᠢ ᠲᠣᠭᠤᠷᠢᠨ ᠲᠤᠬᠯᠠᠯᠳᠠ ᠶᠢᠨ ᠠᠩᠬᠠᠨ ᠤ ᠥᠷᠲᠡᠭᠡᠨ ᠤ ᠲᠣᠬᠯᠠᠯᠲᠠ ᠪᠠᠨ | ᠭᠦᠭᠡᠬᠤᠲᠠ ᠳᠤ ᠲᠣᠭᠯᠠᠭᠰᠠᠨ ᠤ ᠲᠠᠷᠠᠭ᠎ᠠ ᠭᠤᠸᠠᠩᠰᠢ ᠶᠢᠨ ᠨᠠᠨᠨᠢᠩ ᠲᠢᠶᠠᠲᠷ ᠲᠤ ᠲᠣᠭᠯᠠᠬᠤ ᠪᠠᠷ ᠮᠣᠷᠳᠠᠵᠤ᠂ | ᠪᠦᠭᠦ ᠤᠯᠤᠰ ᠤᠨ 7 ᠬᠤᠲᠠ ᠶᠢᠨ 12 ᠲᠠᠯᠠᠪᠤᠷ ᠲᠣᠬᠯᠠᠯᠲᠠ ᠪᠠᠨ ᠡᠬᠢᠯᠡᠭᠦᠯᠵᠡᠢ᠃ | | | ᠡᠨᠡ ᠵᠢᠯ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠨᠢ ᠪᠥᠵᠢᠭᠲᠦ ᠵᠦᠴᠦᠭᠡ | ︽ᠮᠣᠷᠢᠲᠤ ᠴᠡᠷᠢᠭ︾᠂ ᠮᠣᠷᠢᠨ ᠬᠤᠭᠤᠷ ᠤᠨ ᠲᠤᠰᠬᠠᠢ ᠳᠠᠯᠠᠪᠠᠢ ᠳᠠᠭᠤᠤ ᠬᠥᠭᠵᠢᠮ ᠤᠨ ᠦᠳᠡᠰᠢᠯᠡᠭᠡ ︽ᠲᠦᠮᠡᠨ | ᠠᠭᠲᠠ ᠶᠢᠨ ᠲᠦᠪᠡᠷᠭᠡᠨ︾᠂ ᠼᠢᠷᠺ ᠬᠡᠦᠬᠡᠳ ᠤᠨ ᠵᠦᠴᠦᠭᠡ ︽ᠯᠢᠦ ᠰᠢᠶᠣᠣ ᠴᠤᠸᠠᠩ ᠵᠢᠷᠤᠭ ᠰᠤᠷᠤᠬᠰᠠᠨ ᠨᠢ︾᠂ | ᠨᠠᠶᠢᠷᠠᠯ ᠬᠥᠭᠵᠢᠮ ︽ᠲᠤᠭ ᠲᠡᠮᠳᠡᠭ︾ ᠵᠡᠷᠭᠡ 9 ᠰᠣᠳᠣᠨ ᠲᠣᠬᠯᠠᠯᠲᠠ ᠪᠠᠨ ᠪᠦᠭᠦ ᠤᠯᠤᠰ ᠲᠤ ᠲᠣᠭᠤᠷᠢᠨ | ᠲᠣᠭᠯᠠᠵᠤ᠂ ᠳᠤᠮᠳᠠᠳᠤ ᠣᠷᠣᠨ᠂ ᠬᠤᠸᠠᠨᠠᠨ ᠣᠷᠣᠨ᠂ ᠵᠢᠶᠠᠩᠰᠤ ᠵᠧᠵᠢᠶᠠᠩ ᠱᠠᠩᠬᠠᠢ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠲᠣᠮᠣ ᠳᠤᠮᠳᠠ ᠬᠤᠳᠠ ᠳᠤ ᠨᠡᠶᠢᠳᠡ 100 ᠭᠠᠷᠤᠢ ᠳᠠᠯᠠᠪᠠᠢ | ᠲᠣᠭᠯᠠᠬᠤ ᠪᠣᠯᠣᠨ᠎ᠠ᠃ ᠥᠪᠥᠷ ᠮᠣᠩᠭᠤᠯ ᠤᠨ ᠤᠯᠠᠭᠠᠨ ᠲᠢᠶᠠᠲᠷ ᠤᠷᠠᠨ ᠲᠣᠬᠯᠠᠯᠲᠠ ᠶᠢᠨ ᠺᠤᠮᠫᠠᠨᠢ ᠶᠢᠨ ᠬᠡᠷᠡᠭ | ᠮᠡᠳᠡᠭᠴᠢ᠂ ᠳᠡᠳ᠋ ᠶᠡᠷᠦᠩᠬᠡᠢ ᠳᠠᠭᠠᠭᠠᠮᠠᠯ ᠮᠡᠷᠭᠡᠨ᠄ ︽ᠲᠤᠰ ᠤᠳᠠᠭᠠᠨ ᠤ ᠲᠣᠭᠤᠷᠢᠨ ᠲᠣᠬᠯᠠᠯᠲᠠ ᠶᠢ ᠪᠦᠦ ᠯᠢ | ᠵᠦᠴᠦᠭᠡ ᠶᠢᠨ ᠬᠦᠷᠢᠶᠡᠯᠡᠩ᠂ ᠵᠢᠦᠢ ᠴᠧᠩ ᠬᠦᠷᠢᠶᠡᠯᠡᠩ ᠲᠠᠢ ᠬᠠᠮᠲᠤᠷᠠᠯᠴᠠᠵᠤ ᠶᠠᠪᠤᠭᠳᠠᠭᠤᠯᠵᠤ ᠪᠠᠶᠢᠭ᠎ᠠ ᠶᠤᠮ᠃ | ᠡᠨᠡ 9 ᠲᠤᠬᠯᠠᠯᠳᠠ ᠨᠢ ᠮᠠᠨ ᠤ ᠤᠮᠠᠷᠠᠲᠤ ᠬᠢᠯᠢ ᠶᠢᠨ ᠰᠣᠶᠣᠯ ᠤᠨ ᠣᠯᠠᠨ ᠤᠷᠠᠯᠢᠭ ᠤᠨ ᠲᠥᠷᠥᠯ ᠢ ᠬᠠᠮᠤᠷᠴᠤ᠂ | ᠮᠥᠨ ᠴᠦ ᠤᠮᠠᠷᠠᠲᠤ ᠬᠢᠯᠢ ᠶᠢᠨ ᠰᠣᠶᠣᠯ ᠤᠨ ᠭᠠᠳᠠᠭᠰᠢ ᠭᠠᠷᠬᠤ ᠴᠢᠬᠤᠯᠠ ᠠᠷᠭ᠎ᠠ ᠪᠠᠷᠢᠯ ᠪᠣᠯᠣᠨ᠎ᠠ︾ᠭᠡᠵᠦ | ᠲᠠᠨᠢᠯᠴᠠᠭᠤᠯᠪᠠ᠃ 9 ᠰᠣᠳᠣᠨ ᠲᠣᠬᠯᠠᠯᠲᠠ ᠶᠢᠨ ᠳᠦᠷᠦᠯ ᠵᠦᠢᠯ ᠳᠤ ᠥᠪᠥᠷ ᠮᠣᠩᠭᠤᠯ ᠤᠨ ᠠᠩᠬᠠᠳᠠᠭᠴᠢ | ᠠᠺᠠᠪᠧᠶᠢᠯᠠ ᠮᠠᠶ᠋ᠢᠭ ᠤᠨ ᠳᠠᠭᠤᠯᠠᠯᠭ᠎ᠠ ᠶᠢᠨ ᠬᠠᠮᠲᠤᠯᠢᠭ ᠤᠨ ︽ᠠᠶᠠᠯᠭᠤᠲᠤ ᠠᠶᠠᠨ︾ ᠲᠤᠬᠯᠠᠯᠳᠠ᠂ ᠦᠨᠳᠦᠰᠦᠲᠡᠨ ᠤ | ᠨᠠᠶᠢᠷᠠᠯ ᠬᠥᠭᠵᠢᠮ ︽ᠮᠣᠩᠭᠤᠯ ᠮᠣᠷᠢ︾ ᠪᠤᠢ᠃ ᠲᠡᠷᠡ ᠨᠢ ᠭᠦᠨ ᠵᠤᠵᠠᠭᠠᠨ ᠤᠳᠬ᠎ᠠ ᠠᠭᠤᠯᠭ᠎ᠠ ᠪᠦᠬᠦᠢ ᠤᠮᠠᠷᠠᠲᠤ | ᠬᠢᠯᠢ ᠶᠢᠨ ᠰᠣᠶᠣᠯ ᠢ ᠠᠮᠢᠳᠤᠯᠢᠭ ᠰᠠᠶᠢᠬᠠᠨ ᠲᠠᠶᠢᠰᠠᠨ ᠤ ᠤᠷᠠᠯᠢᠭ ᠪᠣᠯᠭᠠᠨ ᠬᠤᠪᠢᠷᠠᠭᠤᠯᠬᠤ ᠶᠢᠨ ᠬᠠᠮᠲᠤ᠂ ᠲᠡᠭᠦᠨ | ᠳᠤ ᠴᠠᠭ ᠦᠶ᠎ᠡ ᠶᠢᠨ ᠰᠢᠨ᠎ᠡ ᠠᠭᠤᠷ ᠠᠮᠢᠰᠬᠤᠯ ᠣᠷᠣᠭᠤᠯᠵᠤ᠂ ᠨᠡᠩ ᠴᠦ ᠥᠪᠥᠷ ᠮᠣᠩᠭᠤᠯ ᠤᠨ ᠰᠣᠶᠣᠯ | ᠵᠢᠭᠤᠯᠴᠢᠯᠠᠯ ᠤᠨ ᠨᠡᠷ᠎ᠡ ᠠᠯᠳᠠᠷ ᠢ ᠡᠷᠭᠦᠬᠦ ᠳᠤ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃ |