ᠵᠣᠨ ᠤ ᠠᠮᠠᠷᠠᠯᠲᠠ ᠶᠢᠨ ᠬᠤᠭᠤᠴᠠᠭᠠᠨ ᠳᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠬᠤᠯᠠᠴᠢᠯᠠᠬᠤ ᠶᠢᠨ ᠤᠴᠢᠷ
ᠨᠡᠶᠢᠲᠡᠯᠡᠭᠰᠡᠨ ᠴᠠᠭ᠄
2024/7/16
     ᠬᠡᠦᠬᠡᠳ ᠤᠳ ᠤᠨ ᠬᠦᠰᠡᠨ ᠬᠦᠯᠢᠶᠡᠭᠰᠡᠨ ᠵᠤᠨ ᠤ ᠠᠮᠠᠷᠠᠯᠲᠠ ᠭᠦᠷᠦᠭᠡᠳ ᠢᠷᠡᠯ᠎ᠡ᠃ ᠵᠤᠨ ᠤ ᠠᠮᠠᠷᠠᠯᠲᠠ ᠪᠣᠯ ᠬᠡᠦᠬᠡᠳ ᠤᠳ ᠤᠨ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠲᠣᠬᠢᠲᠠᠢ ᠤᠯᠠᠷᠢᠯ ᠪᠣᠯᠣᠨ᠎ᠠ᠃ ᠤᠮᠪᠠᠯᠲᠠ᠂ ᠰᠠᠭᠰᠤᠨ ᠪᠥᠮᠪᠦᠭᠡ᠂ ᠬᠥᠯ ᠪᠥᠮᠪᠦᠭᠡ᠂ ᠭᠦᠶᠦᠯᠲᠡ ᠵᠡᠷᠭᠡ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠪᠠᠷ ᠳᠠᠮᠵᠢᠨ᠂ ᠵᠢᠷᠦᠬᠡ ᠠᠭᠤᠰᠬᠢᠨ ᠤ ᠠᠵᠢᠯᠯᠠᠭ᠎ᠠ ᠪᠠᠨ ᠪᠦᠲᠦᠮᠵᠢᠲᠡᠶ ᠳᠡᠭᠡᠭᠰᠢᠯᠡᠭᠦᠯᠵᠦ᠂ ᠪᠤᠯᠴᠢᠩ ᠤᠨ ᠬᠦᠴᠦᠨ ᠢᠶᠠᠨ ᠴᠢᠩᠭᠠᠷᠠᠭᠤᠯᠵᠤ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠪᠣᠯᠣᠨ᠎ᠠ᠃      ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠷᠢᠯᠭ᠎ᠠ ᠨᠢ ᠬᠡᠦᠬᠡᠳ ᠢ ᠬᠠᠪᠰᠤᠷᠤᠨ ᠪᠡᠶ᠎ᠡ ᠮᠠᠬᠠᠪᠤᠳ ᠢ ᠨᠢ ᠴᠢᠭᠢᠷᠠᠭᠵᠢᠭᠤᠯᠵᠤ᠂ ᠪᠦᠯᠭᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠪᠠ ᠲᠡᠰᠪᠦᠷᠢ ᠬᠠᠲᠠᠭᠤᠵᠢᠯᠲᠠᠢ ᠵᠠᠩ ᠴᠢᠨᠠᠷ ᠢ ᠬᠥᠮᠥᠵᠢᠭᠦᠯᠬᠦ ᠶᠢᠨ ᠲᠥᠯᠥᠭᠡ ᠶᠤᠮ᠃ ᠡᠶᠢᠮᠦ ᠠᠴᠠ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠬᠡᠦᠬᠡᠳ ᠤᠨ ᠳᠤᠷ᠎ᠠ ᠰᠣᠨᠢᠷᠬᠠᠯ ᠢ ᠦᠨᠳᠦᠰᠦᠯᠡᠨ᠂ ᠬᠡᠦᠬᠡᠳ ᠤᠨ ᠲᠠᠮᠢᠷ ᠲᠡᠩᠬᠡᠭᠡ ᠠᠮᠤᠷ ᠲᠦᠪᠰᠢᠨ ᠳᠤ ᠵᠣᠬᠢᠴᠠᠬᠤ ᠲᠦᠷᠦᠯ ᠵᠦᠢᠯ ᠢ ᠰᠣᠩᠭᠤᠵᠤ᠂ ᠬᠡᠦᠬᠡᠳ ᠤᠳ ᠢ ᠪᠠᠶᠠᠷ ᠪᠠᠶᠠᠰᠤᠯ ᠤᠨ ᠳᠤᠮᠳᠠ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠲᠠᠮᠢᠷ ᠤᠨ ᠬᠥᠳᠡᠯᠭᠡᠭᠡᠨ ᠤ ᠳᠤᠮᠳᠠ ᠠᠴᠠ ᠬᠠᠪᠤ ᠴᠡᠩᠭᠡᠯ ᠭᠦᠷᠳᠡᠭᠦ ᠶᠢ ᠪᠠᠲᠤᠯᠠᠪᠠᠯ ᠵᠣᠬᠢᠨ᠎ᠠ᠃ ᠭᠡᠪᠡᠴᠦ ᠵᠠᠷᠢᠮ ᠭᠡᠷ ᠤᠨ ᠠᠬᠠᠮᠠᠳ ᠬᠡᠦᠬᠡᠳ ᠤᠨ ᠰᠠᠨᠠᠯ ᠢ ᠠᠰᠠᠭᠤᠬᠤ ᠦᠭᠡᠢ ᠪᠠᠷ ᠬᠡᠦᠬᠡᠳ  ᠲᠡᠭᠡᠨ ᠡᠵᠡᠨ ᠮᠡᠳᠡᠵᠦ᠂ ᠪᠡᠶ᠎ᠡ ᠶᠢᠨ ᠲᠠᠮᠢᠷ ᠤᠨ ᠺᠯᠦ᠋ᠪ ᠲᠤ ᠨᠡᠷ᠎ᠡ ᠮᠡᠳᠡᠭᠦᠯᠦᠨ ᠥᠭᠴᠦ ᠪᠠᠶᠢᠭ᠎ᠠ ᠦᠵᠡᠭᠳᠡᠯ ᠤᠯᠠᠨ ᠭᠠᠷᠴᠤ ᠪᠤᠢ᠃ ᠡᠨᠡ ᠨᠢ ᠵᠣᠬᠢᠬᠤ ᠬᠡᠮᠵᠢᠶᠡᠨ ᠤ ᠠᠯᠪᠠᠳᠠᠯᠭ᠎ᠠ ᠶᠢᠨ ᠰᠢᠨᠵᠢ ᠲᠠᠢ ᠪᠠᠶᠢᠬᠤ ᠨᠢ ᠳᠠᠮᠵᠢᠭ ᠦᠭᠡᠢ᠃ ᠵᠦᠢ ᠵᠣᠬᠢᠰᠲᠠᠢ ᠰᠢᠨᠵᠢᠯᠡᠬᠦ ᠤᠬᠠᠭᠠᠨᠴᠢ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠬᠡᠦᠬᠡᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠳᠠᠭ᠃ ᠡᠭᠦᠨ ᠤ ᠡᠰᠡᠷᠭᠦ ᠪᠣᠯ ᠭᠡᠳᠡᠷᠭᠦ ᠨᠥᠯᠥᠭᠡ ᠦᠵᠡᠭᠦᠯᠦᠨ᠎ᠡ᠃ ᠡᠶᠢᠨ ᠬᠦ᠂ ᠵᠤᠨ ᠤ ᠠᠮᠠᠷᠠᠯᠲᠠ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠬᠡᠦᠬᠡᠳ ᠤᠨ ᠪᠡᠶ᠎ᠡ ᠪᠠᠨ ᠳᠠᠭᠠᠭᠠᠵᠤ ᠰᠣᠩᠭᠤᠬᠤ ᠡᠷᠬᠡ ᠶᠢ ᠪᠠᠳᠠᠷᠠᠭᠤᠯᠪᠠᠯ ᠵᠣᠬᠢᠨ᠎ᠠ᠃      ᠡᠭᠦᠨ ᠤ ᠬᠠᠮᠲᠤ᠂ ᠥᠷᠭᠡᠨ ᠤᠯᠠᠨ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠪᠠᠷ ᠠᠳᠠᠯᠢ ᠪᠤᠰᠤ ᠭᠡᠯᠪᠡᠷᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠯᠡᠭᠦᠬᠡᠨ ᠲᠤᠷᠰᠢᠨ ᠬᠢᠵᠦ ᠪᠣᠯᠣᠨ᠎ᠠ᠂ ᠡᠭᠦᠨ ᠳᠤ ᠡᠷᠭᠢᠨ ᠲᠣᠭᠤᠷᠢᠨ ᠤ ᠪᠠᠶᠢᠭᠠᠯᠢ ᠶᠢᠨ ᠣᠷᠴᠢᠨ ᠲᠣᠭᠤᠷᠢᠨ ᠪᠤᠶᠤ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ ᠠᠰᠢᠭᠯᠠᠵᠤ ᠪᠣᠯᠣᠨ᠎ᠠ᠃ ᠵᠢᠱᠢᠶᠡᠯᠡᠪᠡᠯ᠂ ᠴᠡᠴᠡᠷᠯᠢᠭ ᠲᠤ ᠬᠦᠷᠴᠦ ᠭᠦᠶᠦᠬᠦ᠂ ᠳᠤᠭᠤᠢ ᠤᠨᠤᠬᠤ᠂ ᠬᠥᠯ ᠪᠥᠮᠪᠦᠭᠡ ᠢᠰᠬᠦᠯᠬᠦ᠂ ᠤᠮᠪᠠᠯᠲᠠ ᠵᠡᠷᠭᠡ ᠪᠠᠷ ᠳᠠᠮᠵᠢᠨ ᠲᠡᠳᠡᠨ ᠤ ᠳᠤᠷ᠎ᠠ ᠰᠣᠨᠢᠷᠬᠠᠯ ᠢ ᠬᠥᠮᠥᠵᠢᠭᠦᠯᠵᠦ ᠪᠣᠯᠣᠨ᠎ᠠ᠃ ᠡᠨᠡ ᠨᠢ ᠵᠣᠨ ᠤ ᠠᠮᠠᠷᠠᠯᠲᠠ ᠶᠢᠨ ᠠᠮᠢᠳᠤᠷᠠᠯ ᠢ ᠨᠠᠩ ᠪᠠᠶᠠᠯᠢᠭ ᠰᠠᠶᠢᠬᠠᠨ ᠪᠤᠯᠭᠠᠵᠤ᠂ ᠬᠡᠦᠬᠡᠳ ᠤᠨ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ ᠳᠤ ᠠᠰᠢᠭᠲᠠᠢ ᠮᠥᠷᠲᠡᠭᠡᠨ ᠵᠢᠮ᠎ᠡ ᠶᠣᠰᠣ ᠲᠠᠢ ᠠᠮᠢᠳᠤᠷᠠᠯ ᠤᠨ ᠳᠠᠳᠬᠠᠯ ᠢ ᠬᠥᠮᠥᠵᠢᠭᠦᠯᠵᠦ᠂ ᠠᠮᠠᠷᠠᠯᠲᠠ ᠶᠢᠨ ᠬᠤᠭᠤᠴᠠᠭ᠎ᠠ ᠶᠢ ᠨᠡᠩ ᠤᠳᠬ᠎ᠠ ᠲᠡᠭᠦᠯᠳᠡᠷ ᠪᠠᠶᠢᠯᠭᠠᠵᠤ ᠴᠢᠳᠠᠨ᠎ᠠ᠃      ᠵᠠᠯᠠᠭᠤᠴᠤᠳ ᠪᠠᠭᠠᠴᠤᠳ ᠪᠣᠯ ᠶᠠᠭ ᠰᠠᠶᠢᠬᠠᠨ ᠪᠡᠶ᠎ᠡ ᠮᠠᠬᠠᠪᠤᠳ ᠦᠳᠲᠡᠷ ᠲᠦᠷᠭᠡᠨ ᠦᠰᠦᠨ ᠪᠣᠶᠢᠵᠢᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠬᠤ᠂ ᠠᠵᠢᠯᠯᠠᠵᠤ ᠠᠮᠠᠷᠠᠬᠤ ᠶᠢ ᠵᠢᠮ᠎ᠡ ᠶᠣᠰᠣ ᠲᠠᠢ ᠪᠠᠶᠢᠯᠭᠠᠬᠤ ᠨᠢ ᠮᠠᠰᠢ ᠴᠢᠬᠤᠯᠠ ᠶᠤᠮ᠃ ᠣᠶᠢᠷ᠎ᠠ ᠶᠢᠨ ᠵᠢᠯ ᠤᠳ ᠲᠤ᠂ ᠵᠠᠯᠠᠭᠤᠴᠤᠳ  ᠪᠠᠭᠠᠴᠤᠳ ᠤᠨ ᠳᠤᠮᠳᠠ ᠣᠶᠢᠷ᠎ᠠ ᠬᠠᠷᠠᠭ᠎ᠠ ᠨᠡᠶᠢᠳᠡᠮ ᠢᠯᠡᠷᠡᠵᠦ ᠪᠠᠶᠢᠭ᠎ᠠ ᠵᠢᠴᠢ ᠡᠯᠧᠺᠲᠷᠣᠨ ᠲᠥᠬᠦᠭᠡᠷᠦᠮᠵᠢ ᠶᠢ ᠬᠡᠲᠦᠷᠡᠲᠡᠯ᠎ᠡ ᠬᠡᠷᠡᠭᠯᠡᠬᠦ ᠦᠵᠡᠭᠳᠡᠯ ᠢᠯᠡᠷᠡᠵᠦ ᠪᠤᠢ᠂ ᠡᠨᠡ ᠨᠢ ᠪᠦᠷ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠠᠰᠢᠭ ᠦᠭᠡᠢ ᠶᠠᠪᠤᠳᠠᠯ ᠪᠣᠯᠣᠨ᠎ᠠ᠃ ᠲᠠᠮᠢᠷ ᠤᠨ ᠬᠥᠳᠡᠯᠭᠡᠭᠡᠨ ᠳᠤ ᠣᠷᠤᠯᠴᠠᠬᠤ ᠨᠢ ᠡᠳᠡᠭᠡᠷ ᠠᠰᠠᠭᠤᠳᠠᠯ ᠢ ᠰᠡᠷᠭᠡᠶᠢᠯᠡᠨ ᠡᠵᠡᠮᠳᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠪᠦᠷᠢᠳᠬᠡᠯ ᠢ ᠦᠨᠳᠦᠰᠦᠯᠡᠪᠡᠯ᠂ ᠡᠳᠦᠷ ᠪᠦᠷᠢ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ ᠪᠠᠶᠢᠭ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠬᠴᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠲᠠᠮᠠᠭ ᠰᠣᠷᠣᠬᠴᠢ ᠲᠠᠢ ᠬᠠᠷᠢᠴᠠᠭᠤᠯᠪᠠᠯ ᠣᠶᠢᠷ᠎ᠠ ᠬᠠᠷᠠᠭ᠎ᠠ ᠲᠠᠢ ᠪᠤᠯᠬᠤ ᠨᠤᠷᠮ᠎ᠠ ᠨᠢ ᠨᠠᠭᠠᠲᠤ ᠵᠠᠬ᠎ᠠ ᠳᠠᠭᠠᠨ ᠵᠠᠭᠤᠨ ᠤ ᠬᠠᠷᠢᠴᠠᠯ ᠢᠶᠠᠷ 5 ᠬᠤᠪᠢ ᠳᠣᠣᠷ᠎ᠠ ᠪᠠᠶᠢᠳᠠᠭ᠃      ᠭᠡᠷ ᠪᠦᠯᠢ᠂ ᠰᠤᠷᠭᠠᠭᠤᠯᠢ ᠪᠣᠯᠣᠨ ᠨᠡᠶᠢᠭᠡᠮ ᠤᠨ ᠡᠯ᠎ᠡ ᠡᠲᠡᠭᠡᠳ ᠬᠠᠮᠲᠤ ᠪᠠᠷ ᠴᠢᠷᠮᠠᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠭᠡᠯᠪᠡᠷᠢ ᠶᠢ ᠰᠠᠨᠠᠭᠠᠴᠢᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠪᠠᠰᠤᠷᠠᠯ ᠳᠤ ᠣᠷᠤᠯᠴᠠᠬᠤ  ᠪᠠᠷ ᠲᠠᠮᠵᠢᠨ ᠬᠥᠮᠥᠨ ᠴᠢᠨᠠᠷ ᠢᠶᠠᠨ ᠲᠡᠭᠦᠯᠳᠡᠷᠵᠢᠭᠦᠯᠬᠦ᠂ ᠵᠣᠷᠢᠭ ᠰᠠᠨᠠᠭ᠎ᠠ ᠪᠠᠨ ᠳᠠᠪᠲᠠᠨ ᠪᠤᠯᠪᠠᠰᠤᠷᠠᠭᠤᠯᠬᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠤᠷᠮ᠎ᠠ ᠪᠠᠬ᠎ᠠ ᠪᠠᠨ ᠬᠥᠭᠵᠢᠭᠡᠬᠦ ᠶᠢ ᠲᠠᠶᠢᠴᠢᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠢ ᠬᠥᠮᠥᠵᠢᠭᠦᠯᠪᠡᠯ ᠵᠣᠬᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号