6 ᠵᠢᠯ ᠳᠤ 6 ᠤᠳᠠᠭ᠎ᠠ ᠲᠣᠬᠢᠷᠠᠭᠤᠯᠤᠯᠲᠠ ᠬᠢᠪᠡ︕ 700 ᠭᠠᠷᠤᠢ ᠡᠮ ᠤᠨ ᠵᠦᠢᠯ ᠢ ᠰᠢᠨ᠎ᠡ ᠪᠠᠷ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2024/7/16
     6 ᠵᠢᠯ ᠳᠤ 6 ᠤᠳᠠᠭ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠵᠦ᠂ ᠨᠡᠶᠢᠲᠡ 700 ᠭᠠᠷᠤᠢ ᠵᠦᠢᠯ ᠤᠨ ᠡᠮ ᠤᠨ ᠵᠦᠢᠯ ᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠰᠢᠨ᠎ᠡ ᠪᠠᠷ ᠨᠡᠮᠡᠵᠦ ᠣᠷᠣᠭᠤᠯᠤᠨ᠂  ᠨᠡᠩ ᠤᠯᠠᠨ ᠤᠵᠢᠭ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮ ᠤᠨ ᠵᠦᠢᠯᠡᠰ ᠢ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠨᠠᠩ ᠣᠯᠠᠨ ᠡᠪᠡᠳᠴᠢᠲᠡᠨ ᠬᠡᠷᠡᠭᠯᠡᠬᠦ ᠡᠮ ᠲᠠᠢ ᠪᠥᠭᠡᠳ ᠡᠮ ᠬᠡᠷᠡᠭᠯᠡᠵᠦ ᠳᠡᠶᠢᠯᠭᠦ ᠪᠣᠯᠵᠠᠢ᠃      ᠡᠨᠡ ᠵᠢᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠨᠢᠭᠡᠨᠲᠡ ᠵᠢᠩᠬᠢᠨᠢ ᠪᠠᠷ ᠡᠬᠢᠯᠡᠪᠡ᠃ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 11 ᠤ ᠡᠳᠦᠷ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠠᠶᠢᠯᠤᠮᠵᠢ ᠬᠢᠪᠡ᠃      ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2018 ᠣᠨ ᠳᠤ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 700 ᠭᠠᠷᠤᠢ ᠵᠦᠢᠯ ᠤᠨ ᠪᠠᠴᠢᠮ ᠠᠪᠤᠷᠠᠯᠳᠠ ᠳᠤ ᠬᠡᠷᠡᠭᠯᠡᠬᠦ ᠰᠠᠶᠢᠨ ᠡᠮ᠂ ᠰᠢᠨ᠎ᠡ ᠪᠠᠷ ᠡᠭᠦᠳᠦᠭᠰᠡᠨ ᠡᠮ ᠵᠡᠷᠭᠡ ᠶᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠠᠢ᠂ ᠡᠭᠦᠨ ᠳᠤ ᠬᠡᠯᠡᠯᠴᠡᠭᠡ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ 446 ᠡᠮ ᠤᠨ ᠵᠦᠢᠯ ᠪᠠᠭᠲᠠᠨ᠎ᠠ᠂ ᠡᠭᠦᠨ ᠳᠤ ᠣᠯᠠᠩᠬᠢ ᠨᠢ ᠣᠶᠢᠷ᠎ᠠ ᠶᠢᠨ ᠵᠢᠯ ᠳᠤ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠤᠭᠰᠠᠨ᠂ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ ᠡᠮ ᠤᠨ ᠵᠦᠢᠯᠡᠰ ᠪᠣᠯᠣᠨ᠎ᠠ᠃ ᠣᠳᠣᠬᠠᠨ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠡᠸᠦ᠋ᠷᠦᠫᠡ ᠡᠮ ᠪᠠ ᠬᠢᠲᠠᠳ ᠡᠮ ᠤᠨ ᠲᠤᠭ᠎ᠠ 3088 ᠵᠦᠢᠯ ᠪᠣᠯᠵᠤ ᠨᠡᠮᠡᠭᠳᠡᠪᠡ᠃      ᠰᠢᠨ᠎ᠡ ᠡᠮ ᠰᠠᠶᠢᠨ ᠡᠮ ᠢ ᠲᠠᠰᠤᠷᠠᠯᠲᠠ ᠦᠭᠡᠢ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠪᠠ᠃      2020 ᠣᠨ ᠳᠤ ᠲᠢ ᠯᠧᠢ ᠯᠢ ᠵᠦ ᠳ᠋ᠠᠨ ᠺᠠᠩ᠂ ᠯᠦᠨ ᠹᠠ ᠲᠢ ᠨᠢ ᠵᠡᠷᠭᠡ 17 ᠵᠦᠢᠯ ᠤᠨ ᠥᠮᠡᠨ ᠢ ᠵᠠᠰᠠᠬᠤ ᠡᠮ ᠢ ᠰᠢᠨ᠎ᠡ ᠪᠠᠷ ᠨᠡᠮᠡᠵᠦ ᠤᠷᠤᠭᠤᠯᠪᠠ; 2021 ᠣᠨ ᠳᠤ ᠨᠤᠭᠤᠰᠤᠨ ᠤ ᠴᠢᠨᠠᠷᠲᠠᠢ ᠪᠤᠯᠴᠢᠩ ᠬᠠᠲᠠᠩᠬᠢᠷᠠᠬᠤ ᠡᠪᠡᠳᠴᠢᠨ︵SMA︶ ᠢ ᠵᠠᠰᠠᠬᠤ ᠴᠢᠬᠤᠯᠠ ᠡᠮ ᠨᠥᠸᠧ ᠰᠢ ᠨᠠ ᠱᠧᠩ ᠨᠠ ᠲᠠᠷᠢᠯᠭ᠎ᠠ ᠶᠢᠨ ᠰᠢᠩᠭᠡᠨ ᠢ ᠰᠢᠨ᠎ᠡ ᠪᠠᠷ ᠨᠡᠮᠡᠵᠦ ᠤᠷᠤᠭᠤᠯᠪᠠ; 2023 ᠣᠨ ᠤ ᠭᠠᠷᠴᠠᠭ ᠲᠤ ᠲᠣᠬᠢᠷᠠᠭᠤᠯᠤᠯᠲᠠ ᠬᠢᠭᠰᠡᠨ ᠨᠢ 16 ᠬᠤᠪᠣᠷ ᠲᠣᠬᠢᠶᠠᠯᠳᠤᠬᠤ ᠡᠪᠡᠳᠴᠢᠨ ᠤ ᠲᠥᠷᠥᠯ ᠢ ᠬᠠᠮᠤᠷᠴᠤ᠂ 10 ᠡᠪᠡᠳᠴᠢᠨ ᠤ ᠵᠦᠢᠯ ᠤᠨ ᠡᠮ ᠬᠡᠷᠡᠭᠯᠡᠬᠦ ᠪᠠᠲᠤᠯᠠᠭ᠎ᠠ ᠶᠢᠨ ᠬᠤᠭᠤᠰᠤᠨ ᠢ ᠨᠥᠬᠦᠪᠦᠷᠢᠯᠡᠵᠦ᠂  ᠬᠦᠨᠳᠦ ᠡᠪᠡᠳᠴᠢᠨ ᠤ ᠪᠤᠯᠴᠢᠩ ᠰᠤᠯᠠᠷᠠᠬᠤ ᠵᠡᠷᠭᠡ ᠡᠪᠡᠳᠴᠢᠨ ᠡᠮᠭᠡᠭ ᠢ ᠡᠮᠨᠡᠨ ᠵᠠᠰᠠᠬᠤ ᠳᠤ ᠬᠡᠷᠡᠭᠯᠡᠬᠦ ᠡᠮ ᠢ ᠭᠠᠷᠴᠠᠭ ᠲᠤ ᠣᠷᠣᠭᠤᠯᠪᠠ ᠁ ᠬᠠᠪᠤᠳᠠᠷ᠂ ᠤᠵᠢᠭ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮ ᠤᠨ ᠵᠦᠢᠯᠡᠰ ᠤᠨ ᠪᠠᠲᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃      ᠰᠢᠨ᠎ᠡ ᠡᠮ ᠢ ᠭᠠᠷᠴᠠᠭ ᠲᠤ ᠣᠷᠣᠭᠤᠯᠬᠤ ᠬᠤᠷᠳᠤᠴᠠ ᠲᠠᠰᠤᠷᠠᠯᠲᠠ ᠦᠭᠡᠢ ᠲᠦᠷᠭᠡᠳᠴᠦ ᠪᠤᠢ᠃      ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠰᠢᠨ᠎ᠡ ᠡᠮ ᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠠᠴᠠ ᠠᠪᠤᠭᠠᠳ ᠭᠠᠷᠴᠠᠭ ᠲᠤ ᠣᠷᠣᠭᠤᠯᠬᠤ ᠴᠠᠭ ᠬᠤᠭᠤᠴᠠᠭ᠎ᠠ ᠨᠢ ᠨᠢᠭᠡᠨᠲᠡ ᠤᠤᠯ ᠤᠨ 5 ᠵᠢᠯ ᠭᠠᠷᠤᠢ ᠪᠠᠶᠢᠭᠰᠠᠨ ᠠᠴᠠ ᠣᠲᠣ 1 ᠵᠢᠯ ᠭᠠᠷᠤᠢ ᠪᠣᠯᠵᠤ ᠪᠣᠭᠤᠨᠢᠰᠴᠤ᠂ 80% ᠶᠢᠨ ᠰᠢᠨ᠎ᠡ ᠪᠠᠷ ᠡᠭᠦᠳᠦᠭᠰᠡᠨ ᠡᠮ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠤ ᠪᠣᠯᠣᠨ᠎ᠠ ᠭᠡᠵᠦ ᠲᠠᠨᠢᠯᠴᠠᠭᠤᠯᠪᠠ᠃      ᠭᠠᠷᠴᠠᠭ ᠲᠤ ᠣᠷᠣᠭᠰᠠᠨ ᠡᠮ ᠤᠨ ᠦᠨ᠎ᠡ ᠨᠠᠩ ᠵᠣᠬᠢᠰᠲᠠᠢ ᠪᠣᠯᠪᠠ᠃      ᠬᠡᠯᠡᠯᠴᠡᠭᠡ ᠬᠢᠵᠦ ᠦᠨ᠎ᠡ ᠥᠷᠢᠰᠦᠯᠳᠦᠭᠦᠯᠬᠦ ᠪᠣᠯ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠵᠠᠩᠭᠢᠯᠠᠭ᠎ᠠ ᠶᠢᠨ ᠭᠤᠭᠴᠤᠭ᠎ᠠ ᠮᠥᠨ᠃ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠ ᠠᠵᠤ ᠠᠬᠤᠶᠢᠯᠠᠯ ᠤᠨ ᠲᠠᠯ᠎ᠠ ᠨᠢ ︽ᠦᠨ᠎ᠡ ᠬᠠᠩᠰᠢ︾ ᠶᠢᠨ ᠲᠣᠭᠤᠷᠢᠨ ᠳᠤ ᠳᠠᠭᠢᠨ ᠳᠠᠪᠲᠠᠨ ᠦᠵᠡᠯᠴᠡᠨ᠎ᠡ᠃ 2023 ᠣᠨ ᠳᠤ᠂ ᠭᠠᠷᠴᠠᠭ ᠤᠨ ᠭᠠᠳᠠᠨᠠᠬᠢ 143 ᠡᠮ ᠤᠨ ᠵᠦᠢᠯ ᠬᠡᠯᠡᠯᠴᠡᠭᠡ ᠪᠤᠶᠤ ᠦᠨ᠎ᠡ ᠬᠠᠶᠠᠯᠴᠠᠬᠤ ᠥᠷᠢᠰᠦᠯᠳᠦᠭᠡᠨ ᠳᠤ ᠣᠷᠣᠯᠴᠠᠵᠤ᠂ ᠡᠭᠦᠨ ᠳᠤ 121 ᠡᠮ ᠤᠨ ᠵᠦᠢᠯ  ᠬᠡᠯᠡᠯᠴᠡᠭᠡ ᠪᠤᠶᠤ ᠦᠨ᠎ᠡ  ᠬᠠᠶᠠᠯᠴᠠᠬᠤ  ᠥᠷᠢᠰᠦᠯᠳᠦᠭᠡᠨ ᠳᠤ ᠠᠮᠵᠢᠯᠲᠠ ᠣᠯᠵᠤ᠂ ᠦᠨ᠎ᠡ ᠨᠢ ᠳᠤᠮᠳᠠᠴᠢ ᠪᠠᠷ 61.7% ᠪᠠᠷ  ᠪᠠᠭᠤᠷᠠᠵᠠᠢ᠃      ᠵᠠᠷᠢᠮ ︽ᠭᠡᠳᠦ ᠦᠨ᠎ᠡ ᠲᠠᠢ ᠠᠮᠢ ᠠᠪᠤᠷᠠᠬᠤ ᠡᠮ︾ ᠢ ︽ᠦᠨ᠎ᠡ ᠬᠠᠶᠠᠯᠴᠠᠬᠤ︾ ᠪᠠᠷ ᠳᠠᠮᠵᠢᠭᠠᠳ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠤᠭᠰᠠᠨ ᠨᠢ ᠮᠠᠰᠢ ᠣᠯᠠᠨ ᠭᠡᠷ ᠪᠦᠯᠢ ᠳᠤ ᠠᠮᠢᠳᠤᠷᠠᠬᠤ ᠶᠢᠨ ᠬᠦᠰᠡᠯ ᠡᠷᠡᠮᠡᠯᠵᠡᠯ ᠣᠯᠭᠤᠭᠰᠠᠨ ᠪᠠᠶᠢᠨ᠎ᠠ᠃ 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤ᠂ ᠨᠥᠸᠧ ᠰᠢ ᠨᠠ ᠱᠧᠩ ᠨᠠ ᠲᠠᠷᠢᠯᠭ᠎ᠠ ᠶᠢᠨ ᠰᠢᠩᠭᠡᠨ ᠢ ᠬᠡᠯᠡᠯᠴᠡᠭᠡ ᠬᠢᠭᠰᠡᠨ ᠤ ᠳᠠᠷᠠᠭ᠎ᠠ᠂ ᠲᠠᠷᠢᠯᠭ᠎ᠠ ᠨᠢᠭᠡ ᠪᠦᠷᠢ ᠨᠢ 70 ᠲᠦᠮᠡᠨ ᠲᠥᠭᠦᠷᠢᠭ ᠪᠠᠶᠢᠭᠰᠠᠨ ᠢ  3 ᠲᠦᠮᠡ ᠭᠠᠷᠤᠢ ᠲᠥᠭᠦᠷᠢᠭ ᠪᠣᠯᠭᠠᠨ ᠪᠠᠭᠤᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠪᠠ᠃      ᠬᠠᠪᠤᠳᠠᠷ ᠢ ᠡᠮᠨᠡᠨ ᠵᠠᠰᠠᠬᠤ ᠡᠮ ᠢ ᠦᠷᠭᠦᠯᠵᠢᠯᠡᠨ ᠰᠢᠨᠡᠳᠬᠡᠪᠡ᠃ 2020 ᠣᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤᠮᠳᠠ᠂ 2018 ᠣᠨ ᠤ ᠥᠮᠡᠨ ᠢ ᠡᠰᠡᠷᠭᠦᠴᠡᠬᠦ  ᠡᠮ ᠢ ᠵᠥᠪᠰᠢᠶᠡᠷᠡᠨ ᠣᠷᠣᠭᠤᠯᠬᠤ ᠲᠤᠰᠬᠠᠢ ᠬᠡᠯᠡᠯᠴᠡᠭᠡᠷ ᠲᠠᠬᠢ 14 ᠵᠦᠢᠯ ᠤᠨ ᠴᠣᠷ ᠤᠨ ᠭᠠᠭᠴᠠ ᠡᠮ ᠤᠨ ᠵᠦᠢᠯᠡᠰ ᠤᠨ ᠲᠤᠬᠠᠢ ᠲᠣᠭᠲᠠᠭᠠᠯ ᠶᠣᠰᠣᠭᠠᠷ ᠭᠡᠷ᠎ᠡ ᠶᠢ ᠦᠷᠭᠦᠯᠵᠢᠯᠡᠭᠦᠯᠬᠦ ᠪᠤᠶᠤ ᠳᠠᠬᠢᠨᠲᠠ ᠬᠡᠯᠡᠯᠴᠡᠭᠡ ᠬᠢᠵᠦ᠂ ᠦᠨ᠎ᠡ ᠶᠢ ᠳᠤᠮᠳᠠᠴᠢ ᠪᠠᠷ 14.95% ᠪᠠᠷ ᠪᠠᠭᠤᠷᠠᠭᠤᠯᠵᠤ᠂  ᠡᠭᠦᠨ ᠳᠤ ᠣᠨᠴᠠ ᠵᠠᠷᠢᠮ ᠠᠩᠬᠠᠨ ᠤ ᠬᠤᠭᠤᠴᠠᠭᠠᠨ ᠤ ᠵᠠᠰᠠᠯᠲᠠ ᠶᠢᠨ ᠥᠮᠡᠨ ᠢ  ᠡᠰᠡᠷᠭᠦᠴᠡᠬᠦ ᠡᠮ ᠤᠨ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠵᠠᠢ᠃ 2023 ᠣᠨ ᠪᠤᠯᠬᠤ ᠳᠤ᠂ ᠭᠠᠷᠴᠠᠭ ᠲᠤ ᠣᠷᠣᠭᠰᠠᠨ ᠬᠠᠪᠤᠳᠠᠷ ᠤᠨ ᠬᠠᠨᠳᠤᠯᠭᠠᠲᠤ ᠴᠢᠨᠠᠷᠲᠠᠢ ᠪᠠᠷ ᠵᠠᠰᠠᠬᠤ ᠡᠮ ᠤᠨ ᠵᠦᠢᠯᠡᠰ 74 ᠪᠣᠯᠪᠠ᠃      ᠡᠪᠡᠳᠴᠢᠲᠡᠨ ᠤ ᠡᠪᠡᠳᠴᠢᠨ ᠦᠵᠡᠭᠦᠯᠭᠦ ᠳᠠᠷᠤᠭᠠᠰᠤ ᠦᠨᠡᠨ ᠬᠦ ᠬᠥᠩᠭᠡᠷᠡᠪᠡ᠃      2022 ᠣᠨ ᠳᠤ᠂ ᠭᠠᠷᠴᠠᠭ ᠤᠨ ᠭᠠᠳᠠᠨᠠᠬᠢ 147 ᠡᠮ ᠤᠨ ᠵᠦᠢᠯᠡᠰ ᠬᠡᠯᠡᠯᠴᠡᠭᠡ ᠪᠠ ᠦᠨ᠎ᠡ ᠬᠠᠶᠠᠯᠴᠠᠬᠤ ᠥᠷᠢᠰᠦᠯᠳᠦᠭᠡᠨ︵ᠤᠤᠯ ᠤᠨ ᠭᠠᠷᠴᠠᠭ ᠲᠠᠬᠢ ᠡᠮ ᠤᠨ ᠵᠦᠢᠯᠡᠰ ᠤᠨ ᠭᠡᠷ᠎ᠡ ᠶᠢ ᠦᠷᠭᠦᠯᠵᠢᠯᠡᠭᠦᠯᠬᠦ ᠬᠡᠯᠡᠯᠴᠡᠭᠡ ᠪᠠᠭᠲᠠᠨ᠎ᠠ︶ ᠳᠤ ᠣᠷᠣᠯᠴᠠᠵᠤ᠂ ᠶᠡᠷᠦᠩᠬᠡᠢ ᠠᠮᠵᠢᠯᠲᠠ ᠣᠯᠣᠭᠰᠠᠨ ᠨᠣᠷᠮ᠎ᠠ 82.3% ᠳᠤ ᠬᠦᠷᠴᠡᠢ᠃ ᠬᠡᠯᠡᠯᠴᠡᠭᠡ  ᠪᠠ ᠦᠨ᠎ᠡ ᠬᠠᠶᠠᠯᠴᠠᠬᠤ ᠥᠷᠢᠰᠦᠯᠳᠦᠭᠡᠨ ᠳᠤ ᠰᠢᠨ᠎ᠡ ᠪᠠᠷ ᠵᠥᠪᠰᠢᠶᠡᠷᠡᠨ ᠣᠷᠣᠭᠤᠯᠤᠭᠰᠠᠨ ᠡᠮ ᠤᠨ ᠵᠦᠢᠯᠡᠰ ᠤᠨ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 60.1% ᠳᠤ ᠬᠦᠷᠴᠡᠢ᠃ ᠬᠡᠯᠡᠯᠴᠡᠭᠡᠷ ᠤᠨ ᠬᠤᠭᠤᠴᠠᠭᠠᠨ ᠳᠤ 275 ᠵᠦᠢᠯ ᠤᠨ ᠬᠡᠯᠡᠯᠴᠡᠭᠡ ᠬᠢᠭᠰᠡᠨ ᠡᠮ ᠢ 1.8 ᠳ᠋ᠦᠩᠰᠢᠭᠤᠷ ᠬᠥᠮᠥᠨ ᠤᠳᠠᠭ᠎ᠠ ᠲᠠᠩᠰᠠ ᠳᠡᠶᠢᠯᠵᠤ ᠠᠰᠢᠭ ᠭᠦᠷᠳᠡᠪᠡ᠃ ᠬᠡᠯᠡᠯᠴᠡᠭᠡ ᠬᠢᠵᠦ ᠦᠨ᠎ᠡ ᠬᠠᠩᠰᠢ ᠶᠢ ᠪᠠᠭᠤᠷᠠᠭᠤᠯᠬᠤ ᠪᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠᠷ ᠳᠠᠮᠵᠢᠭᠤᠯᠵᠤ᠂   ᠵᠢᠯ ᠤᠨ ᠳᠣᠲᠣᠷ᠎ᠠ ᠡᠪᠡᠳᠴᠢᠲᠡᠨ ᠤ ᠳᠠᠷᠤᠭᠠᠰᠤ ᠶᠢ ᠨᠡᠶᠢᠲᠡ 2100 ᠭᠠᠷᠤᠢ ᠳ᠋ᠦᠩᠰᠢᠭᠤᠷ ᠲᠥᠭᠦᠷᠢᠭ ᠬᠥᠩᠭᠡᠷᠡᠭᠦᠯᠪᠡ᠃      6 ᠡᠭᠡᠯᠵᠢ ᠶᠢᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ ᠡᠮ ᠤᠨ ᠵᠦᠢᠯᠡᠰ ᠢ ᠭᠠᠷᠴᠠᠭ  ᠲᠤ︽ᠤᠷᠤᠭᠤᠯᠬᠤ ᠪᠠ ᠭᠠᠷᠭᠠᠬᠤ︾ᠪᠣᠯᠪᠠ᠃ ᠣᠯᠠᠨ ᠤᠳᠠᠭᠠᠨ ᠤ ᠲᠣᠬᠢᠷᠠᠭᠤᠯᠤᠯᠲᠠ ᠪᠠᠷ ᠳᠡᠮᠵᠢᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ  ᠡᠮᠴᠢᠯᠡᠭᠡᠨ ᠤ ᠦᠢᠯᠡᠳᠦᠯ ᠨᠢ ᠣᠨᠣᠪᠴᠢ ᠦᠭᠡᠢ᠂ ᠳᠤᠷ᠎ᠠ ᠪᠠᠷ ᠢᠶᠠᠨ ᠬᠡᠷᠡᠭᠯᠡᠬᠦ ᠳᠤ ᠭᠢᠯᠪᠠᠷ᠂ ᠡᠮᠴᠢᠯᠡᠭᠡ ᠳᠤ ᠬᠡᠷᠡᠭᠯᠡᠬᠦ ᠬᠡᠪᠴᠢᠶ᠎ᠡ ᠠᠴᠠ ᠰᠢᠭᠰᠢᠭᠳᠡᠭᠰᠡᠨ ᠪᠤᠶᠤ ᠵᠠᠬ᠎ᠠ ᠳᠡᠯᠭᠡᠭᠦᠷ ᠠᠴᠠ ᠭᠠᠷᠬᠤ ᠭᠡᠵᠦ ᠪᠠᠶᠢᠭ᠎ᠠ ᠨᠡᠶᠢᠲᠡ 395  ᠡᠮ ᠤᠨ ᠵᠦᠢᠯᠡᠰ ᠢ ᠭᠠᠷᠴᠠᠭ ᠠᠴᠠ ᠭᠠᠷᠭᠠᠵᠠᠢ᠃      ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ  ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠲᠣᠬᠢᠷᠠᠭᠤᠯᠤᠯᠲᠠ   ᠳᠤ ᠡᠮ ᠤᠨ ᠵᠦᠢᠯᠡᠰ ᠤᠨ ᠬᠠᠩᠭᠠᠯᠭ᠎ᠠ ᠪᠠᠲᠤᠯᠠᠭ᠎ᠠ ᠶᠢᠨ ᠪᠠᠶᠢᠳᠠᠯ ᠤᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠨᠠᠩ ᠢᠯᠡᠭᠦᠦ ᠠᠩᠬᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠪᠣᠯᠣᠮᠵᠢᠲᠤ ᠴᠢᠨᠠᠷ ᠢ ᠳᠡᠭᠡᠭᠰᠢᠯᠡᠭᠦᠯᠭᠦ ᠪᠣᠯᠣᠨ᠎ᠠ᠃ ᠭᠠᠷᠴᠠᠭ  ᠠᠴᠠ ᠭᠠᠷᠭᠠᠬᠤ ᠲᠥᠷᠥᠯ ᠵᠦᠢᠯ ᠤᠨ ᠬᠡᠪᠴᠢᠶ᠎ᠡ ᠶᠢᠨ ᠲᠠᠯ᠎ᠠ ᠪᠠᠷ᠂ ᠣᠶᠢᠷ᠎ᠠ ᠶᠢᠨ 3 ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠠᠩᠭᠠᠭᠰᠠᠨ ᠦᠭᠡᠢ ᠡᠮ ᠤᠨ ᠵᠦᠢᠯᠡᠰ ᠵᠢᠴᠢ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠦᠭᠡᠢ ᠡᠮ ᠤᠨ ᠵᠦᠢᠯᠡᠰ ᠢ ᠭᠤᠣᠯᠳᠠᠯᠭ᠎ᠠ ᠲᠠᠢ ᠪᠣᠳᠣᠯᠬᠢᠯᠠᠬᠤ ᠪᠠᠶᠢᠳᠠᠯ ᠳᠤ ᠣᠷᠣᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠬᠠᠮᠢᠶᠠᠷᠤᠯᠲᠠ ᠶᠢ ᠴᠢᠩᠭᠠᠳᠬᠠᠨ᠎ᠠ ᠭᠡᠵᠡᠢ᠃      ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠡᠭᠡᠨ 11 ᠰᠠᠷ᠎ᠠ ᠳᠤ ᠬᠡᠯᠡᠯᠴᠡᠭᠡ ᠬᠢᠵᠦ ᠳᠠᠭᠤᠰᠬᠠᠭᠠᠳ ᠦᠷ᠎ᠡ ᠳ᠋ᠦᠩ ᠢ ᠨᠡᠶᠢᠲᠡᠯᠡᠨ᠎ᠡ᠃ ᠨᠠᠩ ᠣᠯᠠᠨ ᠰᠠᠶᠢᠨ ᠡᠮ ᠢ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠭᠦ ᠳᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠬᠦᠰᠡᠵᠦ ᠪᠠᠶᠢᠨ᠎ᠠ᠃          ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 11 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号