ᠳᠤᠮᠳᠠᠳᠤ ᠤᠯᠤᠰ ᠤᠨ 6G ᠳᠡᠯᠡᠬᠡᠢ ᠳᠡᠭᠡᠷ᠎ᠡ ᠠᠩᠬᠠᠳᠠᠭᠴᠢ︕
ᠨᠡᠶᠢᠲᠡᠯᠡᠭᠰᠡᠨ ᠴᠠᠭ᠄
2024/7/16
     ᠮᠠᠨ ᠤ ᠤᠯᠤᠰ ᠤᠨ ᠴᠢᠮᠡᠭᠡ ᠬᠤᠯᠪᠣᠭᠠᠨ ᠤ ᠬᠦᠷᠢᠶᠡᠨ ᠠᠴᠠ ᠪᠠᠶᠠᠷ ᠤᠨ ᠴᠢᠮᠡᠭᠡ ᠳᠤᠭᠤᠯᠳᠠᠯ᠎ᠠ︕ ᠴᠢᠮᠡᠭᠡ ᠬᠤᠯᠪᠤᠭ᠎ᠠ ᠬᠢᠭᠡᠳ ᠣᠶᠤᠨᠴᠢ ᠠᠭᠤᠰᠤᠯᠴᠠᠯ ᠢᠶᠠᠷ ᠪᠡᠯᠭᠡ ᠲᠡᠮᠳᠡᠭ ᠪᠤᠯᠭᠠᠬᠰᠠᠨ 6G ᠶᠢᠨ ᠵᠠᠩᠭᠢᠯᠠᠭ᠎ᠠ ᠶᠢᠨ ᠮᠡᠷᠭᠡᠵᠢᠯ ᠰᠢᠨ᠎ᠡ ᠰᠢᠪᠲᠤᠯᠤᠯᠲᠠ ᠲᠠᠢ ᠪᠣᠯᠵᠤ᠂ 4G᠂ 5G ᠶᠢᠨ ᠴᠢᠮᠡᠭᠡ ᠬᠤᠯᠪᠣᠭᠠᠨ ᠤ ᠬᠡᠯᠬᠢᠶ᠎ᠡ ᠵᠠᠮ 6G ᠶᠢᠨ ᠳᠠᠮᠵᠢᠭᠤᠯᠬᠤ ᠴᠢᠳᠠᠪᠤᠷᠢ ᠶᠢ ᠪᠦᠷᠢᠯᠳᠦᠭᠦᠯᠬᠦ ᠪᠣᠯᠣᠮᠵᠢ ᠲᠠᠢ ᠪᠠᠶᠢᠨ᠎ᠠ ᠭᠡᠪᠡ᠃      ᠮᠠᠨ ᠤ ᠤᠯᠤᠰ ᠣᠯᠠᠨ ᠤᠯᠤᠰ ᠤᠨ ᠠᠩᠬᠠᠳᠠᠭᠴᠢ ᠴᠢᠮᠡᠭᠡ ᠬᠤᠯᠪᠤᠭ᠎ᠠ ᠬᠢᠭᠡᠳ ᠣᠶᠤᠨᠴᠢ ᠠᠭᠤᠰᠤᠯᠴᠠᠯ ᠤᠨ 6G ᠶᠢᠨ ᠭᠠᠳᠠᠷ ᠲᠠᠯᠠᠪᠤᠷ ᠤᠨ ᠲᠤᠷᠰᠢᠯᠲᠠ ᠶᠢᠨ ᠰᠦᠯᠵᠢᠶ᠎ᠡ ᠶᠢ ᠲᠦᠷᠦᠭᠦᠯᠡᠨ ᠪᠠᠶᠢᠭᠤᠯᠵᠤ᠂ 6G ᠪᠠᠷ ᠭᠤᠣᠯᠳᠠᠭᠤᠯᠤᠭᠰᠠᠨ ᠠᠬᠤᠢ ᠪᠠᠶᠢᠳᠠᠯ ᠳᠣᠣᠷᠠᠬᠢ ᠴᠢᠮᠡᠭᠡ ᠬᠤᠯᠪᠣᠭᠠᠨ ᠤ ᠴᠢᠳᠠᠮᠵᠢ ᠶᠢᠨ ᠪᠦᠭᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠪᠡ᠃      5G ᠲᠠᠢ ᠬᠠᠷᠢᠴᠠᠭᠤᠯᠪᠠᠯ᠂ 6G ᠨᠢ ᠨᠠᠩ ᠥᠨᠳᠥᠷ ᠬᠤᠷᠳᠤᠴᠠ ᠲᠠᠢ᠂ ᠨᠠᠩ ᠪᠠᠭ᠎ᠠ ᠴᠠᠭ ᠤᠨ ᠰᠠᠭᠠᠲᠠᠯ ᠲᠠᠢ᠂ ᠨᠠᠩ ᠥᠷᠭᠡᠨ ᠬᠤᠯᠪᠣᠭᠠᠰᠤ ᠶᠢᠨ ᠨᠢᠭᠲᠠᠴᠠ ᠲᠠᠢ᠂ ᠪᠠᠰᠠ ᠴᠢᠮᠡᠭᠡ ᠬᠤᠯᠪᠤᠭ᠎ᠠ ᠬᠢᠭᠡᠳ ᠵᠣᠬᠢᠶᠠᠮᠠᠯ ᠣᠶᠤᠨ ᠴᠢᠳᠠᠪᠤᠷᠢ᠂ ᠣᠶᠤᠨᠴᠢ ᠮᠡᠳᠡᠷᠡᠮᠵᠢ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ ᠴᠢᠳᠠᠨ᠎ᠠ᠃        ︵ᠢᠷᠡᠯᠲᠡ᠄  ᠰᠢᠨᠬᠤᠸᠠ ᠬᠤᠷᠢᠶ᠎ᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号