ᠥᠪᠥᠷ ᠮᠣᠩᠭᠤᠯ ᠤᠨ ᠶᠦᠨ ᠵᠦ ᠣᠶᠤᠨᠲᠤ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠨᠤᠲᠤᠭᠰᠢᠪᠠ
ᠨᠡᠶᠢᠲᠡᠯᠡᠭᠰᠡᠨ ᠴᠠᠭ᠄
2024/7/16
       ︵ᠰᠤᠷᠪᠤᠯᠵᠢᠯᠠᠭᠴᠢ ᠯᠢᠦ ᠯᠢ ᠰᠢᠶᠠ︶ ᠲᠦᠷᠦᠭᠦᠬᠡᠨ᠂ ᠥᠪᠥᠷ ᠮᠣᠩᠭᠤᠯ ᠤᠨ ᠶᠦᠨ ᠵᠦ ᠣᠶᠤᠨᠲᠤ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠵᠢᠩᠬᠢᠨᠢ ᠪᠠᠷ ᠨᠤᠲᠤᠭᠰᠢᠪᠠ᠃            ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠶ ᠨᠢ 55390.216 ᠲᠡᠭᠰᠢ ᠳᠥᠷᠪᠡᠯᠵᠢᠨ ᠮᠧᠲᠷ ︵ᠪᠠᠷᠤᠭ 83. 09 ᠮᠦ︶᠂ ᠲᠥᠯᠥᠪᠯᠡᠭᠰᠡᠨ ᠶᠡᠷᠦᠩᠬᠡᠢ ᠪᠠᠷᠢᠯᠭ᠎ᠠ ᠶᠢᠨ ᠲᠠᠯᠠᠪᠠᠶ  ᠨᠢ 82950 ᠲᠡᠭᠰᠢ ᠳᠥᠷᠪᠡᠯᠵᠢᠨ ᠮᠧᠲᠷ᠂ ᠨᠡᠶᠢᠲᠡ 2 ᠣᠶᠤᠨᠴᠢ ᠪᠣᠳᠣᠯᠭ᠎ᠠ ᠶᠢᠨ ᠲᠥᠪ᠂ ᠠᠷᠠᠴᠢᠯᠠᠵᠤ ᠬᠠᠮᠠᠭᠠᠯᠠᠬᠤ ᠠᠰᠠᠷ᠂ ᠬᠦᠴᠦᠳᠡᠯ ᠥᠭᠡᠷᠡᠴᠢᠯᠡᠬᠦ ᠥᠷᠲᠡᠭᠡ ᠵᠢᠴᠢ ᠬᠠᠮᠢᠶ᠎ᠠ ᠪᠦᠬᠦᠢ ᠭᠡᠷ ᠤᠨ ᠭᠠᠳᠠᠨᠠᠬᠢ ᠢᠵᠢ ᠪᠦᠷᠢᠳᠦᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠡᠭᠦᠨ ᠳᠤ ᠨᠢᠭᠡᠳᠦᠭᠡᠷ ᠬᠤᠭᠤᠴᠠᠭᠠᠨ ᠤ ᠲᠥᠯᠦᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠲᠤᠭ᠎ᠠ ᠪᠠᠷᠤᠭ 1008᠂ ᠬᠤᠶᠠᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠲᠤᠭ᠎ᠠ ᠪᠠᠷᠤᠭ 4032᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠶᠡᠷᠦᠩᠬᠡᠢ ᠲᠤᠭ᠎ᠠ ᠪᠠᠷᠤᠭ 5040 ᠪᠠᠶᠢᠵᠤ᠂ ᠪᠦᠬᠦᠯᠢ ᠴᠣᠭᠴᠠ ᠶᠢᠨ ᠲᠥᠯᠦᠪᠵᠢᠭᠦᠯᠭᠡ ᠨᠢ ︽AI ᠤᠶᠤᠨ ᠢᠶᠠᠷ ᠢᠷᠡᠭᠡᠳᠦᠢ ᠪᠠᠨ ᠵᠢᠷᠤᠭᠯᠠᠶ᠎ᠠ︾ ᠪᠠᠷ ᠭᠤᠣᠯ ᠰᠡᠳᠦᠪ ᠪᠣᠯᠭᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号