ᠰᠠᠶᠢᠬᠠᠨ ᠲᠣᠭᠤᠷᠢᠭ ᠄  ᠣᠷᠣᠨ ᠰᠠᠭᠤᠴᠠ ᠶᠢᠨ ᠬᠠᠭᠤᠴᠢᠨ ᠵᠢᠵᠢᠭ ᠲᠣᠭᠤᠷᠢᠭ ᠰᠢᠨ᠎ᠡ ᠳᠦᠷᠰᠦ ᠪᠠᠶᠢᠳᠠᠯ ᠲᠠᠢ ᠪᠣᠯᠪᠠ
ᠨᠡᠶᠢᠲᠡᠯᠡᠭᠰᠡᠨ ᠴᠠᠭ᠄
2024/7/17
ᠥᠭᠡᠷᠡᠴᠢᠯᠡᠭᠰᠡᠨ ᠤ ᠳᠠᠷᠠᠭᠠᠬᠢ  ᠨᠢᠭᠡ ᠪᠤᠯᠤᠩ              ᠡᠨᠡ ᠵᠢᠯ ᠤᠨ 4 ᠰᠠᠷ᠎ᠠ ᠳᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠬᠡᠷᠡᠮ ᠢ ᠰᠢᠨᠡᠳᠬᠡᠬᠦ᠂ ᠵᠠᠮ ᠢ ᠬᠠᠲᠠᠭᠤᠷᠠᠭᠤᠯᠬᠤ᠂ ᠤᠰᠤ ᠴᠠᠬᠢᠯᠭᠠᠨ ᠳᠤᠯᠠᠭᠠᠯᠠᠭ᠎ᠠ ᠶᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠵᠤ᠂ ᠵᠢᠵᠢᠭ ᠲᠣᠭᠤᠷᠢᠭ ᠤᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠪᠠ᠃ ᠲᠠᠨᠢᠯᠴᠠᠭᠤᠯᠤᠭᠰᠠᠨ ᠢᠶᠠᠷ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠬᠤ ᠥᠷᠲᠡᠭᠡ ᠶᠢᠨ ᠵᠢᠵᠢᠭ ᠲᠣᠭᠤᠷᠢᠭ ᠲᠤ ᠨᠡᠶᠢᠲᠡ 2 ᠰᠠᠭᠤᠷᠢ ᠠᠰᠠᠷ ᠤᠨ 5 ᠨᠢᠭᠡᠴᠢ 60 ᠡᠷᠦᠬᠡ ᠰᠠᠭᠤᠭᠠᠯᠢ ᠠᠷᠠᠳ ᠲᠠᠢ᠂ ᠶᠡᠷᠦᠩᠬᠡᠢ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠪᠠᠶᠢᠵᠤ᠂ ᠵᠢᠵᠢᠭ ᠲᠣᠭᠤᠷᠢᠭ ᠢ ᠥᠭᠡᠷᠡᠴᠢᠯᠡᠭᠰᠡᠨ ᠤ ᠳᠠᠷᠠᠭ᠎ᠠ 300 ᠮᠧᠲᠷ ᠰᠢᠬᠠᠮ ᠰᠡᠯᠪᠢᠨ ᠵᠠᠰᠠᠭᠰᠠᠨ ᠪᠠᠶᠢᠨ᠎ᠠ᠃                ᠰᠤᠷᠪᠤᠯᠵᠢᠯᠠᠭᠴᠢ ᠣᠶᠢᠯᠠᠭᠠᠭᠰᠠᠨ ᠢᠶᠠᠷ᠂ ᠬᠥᠬᠡᠬᠤᠲᠠ ᠡᠨᠡ ᠵᠢᠯ 229 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠵᠦ᠂ ᠥᠭᠡᠷᠡᠴᠢᠯᠡᠭᠰᠡᠨ ᠲᠠᠯᠠᠪᠠᠢ ᠨᠢ 384 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠤᠯᠪᠣᠭᠳᠠᠬᠤ ᠡᠷᠦᠬᠡ ᠶᠢᠨ ᠲᠤᠭ᠎ᠠ ᠨᠢ 45000 ᠡᠷᠦᠬᠡ ᠳᠤ ᠬᠦᠷᠴᠦ᠂ ᠰᠠᠭᠤᠷᠢᠰᠢ ᠨᠢ 1078 ᠡᠷᠦᠬᠡ᠃ ᠣᠳᠣᠬᠠᠨ ᠳᠤ᠂ ᠪᠥᠬᠦ ᠬᠤᠲᠠ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠠᠬᠢᠴᠠ ᠨᠢᠭᠡᠨᠲᠡ 70% ᠳᠤ ᠬᠦᠷᠴᠦ᠂ ᠪᠦᠬᠦᠨ ᠢ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号