ᠮᠠᠨ ᠤ ᠣᠷᠣᠨ ᠨᠡᠶᠢᠭᠡᠮ ᠤᠨ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ︽ᠴᠠᠭᠠᠨ ᠳᠠᠩᠰᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/7/17
     ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠶᠢᠨ ᠲᠥᠯᠥᠭᠡ᠂ ᠲᠦᠷᠦᠭᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠷᠣᠨ ᠤ ᠳᠡᠰ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠥᠷᠨᠢᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠲᠠᠢ ᠬᠤᠯᠪᠣᠭᠳᠠᠬᠤ ᠨᠡᠶᠢᠭᠡᠮ ᠤᠨ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠵᠦᠢᠯᠡᠰ ᠢ ᠪᠦᠭᠦ ᠲᠠᠯ᠎ᠠ ᠪᠠᠷ ᠣᠶᠢᠯᠠᠭᠠᠨ ᠵᠢᠭᠰᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ  ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠤᠨ ᠴᠠᠭᠠᠨ ᠲᠠᠩᠰᠠ︾ ᠶᠢ ᠲᠣᠭᠲᠠᠭᠠᠨ ᠨᠡᠶᠢᠲᠡᠯᠡᠭᠰᠡᠨ ᠪᠥᠭᠡᠳ ᠨᠡᠶᠢᠭᠡᠮ ᠤᠨ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠳᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂︽ᠴᠠᠭᠠᠨ ᠲᠠᠩᠰᠠ︾ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠵᠡᠷᠭᠡ 5 ᠵᠦᠢᠯ ᠤᠨ ᠠᠭᠤᠯᠭ᠎ᠠ ᠶᠢ ᠪᠠᠭᠲᠠᠭᠠᠨ᠎ᠠ᠃      ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠴᠠᠭᠠᠨ ᠲᠠᠩᠰᠠ︾ ᠶᠢ ᠴᠢᠩᠭ᠎ᠠ ᠵᠢᠷᠤᠮᠯᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠤᠨ ᠠᠭᠤᠯᠭ᠎ᠠ᠂ ᠬᠦᠷᠢᠶ᠎ᠡ ᠬᠡᠪᠴᠢᠶ᠎ᠡ᠂ ᠠᠷᠭ᠎ᠠ ᠮᠠᠶ᠋ᠢᠭ ᠢ ᠴᠢᠩᠭ᠎ᠠ ᠵᠢᠷᠤᠮᠯᠠᠨ᠂ ᠠᠯᠬᠤᠮ ᠶᠠᠪᠤᠴᠠ ᠶᠢᠨ ᠳᠦᠷᠢᠮᠵᠢᠭᠰᠡᠨ  ᠬᠠᠮᠢᠶᠠᠷᠤᠯᠲᠠ ᠶᠢ ᠴᠢᠩᠭᠠᠳᠬᠠᠨ᠂ ᠨᠡᠷ᠎ᠡ ᠶᠢ ᠬᠥᠭᠡᠭᠡᠴᠡᠯᠳᠦᠨ ᠪᠣᠳᠠᠲᠤ ᠦᠷ᠎ᠡ ᠪᠦᠲᠦᠮᠵᠢ ᠶᠢ ᠬᠥᠩᠭᠡᠪᠴᠢᠯᠡᠬᠦ ᠬᠡᠯᠪᠡᠷᠢᠴᠢ ᠦᠵᠡᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠴᠢᠳᠠᠬᠤ ᠶᠢᠨ ᠳᠣᠲᠣᠷ᠎ᠠ ᠰᠤᠷᠭᠠᠭᠤᠯᠢ ᠳᠤ ᠣᠷᠣᠭᠤᠯᠬᠤ ᠤᠳᠠᠭ᠎ᠠ ᠪᠦᠯᠦᠭ ᠢ ᠪᠠᠭᠠᠰᠬᠠᠵᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠢ  ᠨᠢᠭᠡ ᠵᠢᠯ ᠳᠤ  ᠨᠢᠭᠡ ᠯᠡ ᠤᠳᠠᠭ᠎ᠠ ᠳᠡᠭᠡᠷ᠎ᠡ ᠣᠷᠣᠭᠤᠯᠵᠤ᠂ ᠳᠠᠭᠢᠨ ᠳᠠᠪᠲᠠᠨ ᠣᠷᠣᠭᠤᠯᠬᠤ ᠠᠴᠠ ᠵᠠᠶᠢᠯᠠᠰᠬᠢᠬᠦ ᠬᠡᠷᠡᠭᠲᠡᠢ᠃ ᠠᠵᠢᠯᠯᠠᠭ᠎ᠠ ᠶᠢᠨ ᠴᠠᠭ ᠢ ᠬᠢᠵᠠᠭᠠᠷᠯᠠᠵᠤ᠂ ᠣᠷᠤᠯᠴᠠᠬᠤ ᠬᠡᠪᠴᠢᠶ᠎ᠡ ᠶᠢ ᠪᠠᠭᠠᠰᠬᠠᠵᠤ᠂ ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠳᠤ ᠦᠵᠡᠭᠦᠯᠭᠦ ᠨᠥᠯᠥᠭᠡ ᠶᠢ ᠪᠠᠭᠠᠰᠬᠠᠬᠤ ᠬᠡᠷᠡᠭᠲᠡᠢ᠃︽ᠴᠠᠭᠠᠨ ᠳᠠᠩᠰᠠ︾ ᠶᠢᠨ ᠬᠠᠮᠢᠶᠠᠷᠤᠯᠲᠠ ᠳᠤ ᠣᠷᠣᠭᠤᠯᠤᠭᠰᠠᠨ ᠦᠭᠡᠢ ᠵᠦᠢᠯᠡᠰ ᠢ ᠴᠥᠮ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠤᠯᠬᠤ ᠦᠭᠡᠢ᠃ ᠤᠯᠤᠰ ᠤᠨ ᠳᠡᠰ ᠤᠨ ᠨᠢᠭᠡᠳᠦᠯᠲᠡᠢ ᠪᠠᠶᠢᠷᠢᠯᠠᠭᠤᠯᠤᠨ ᠥᠷᠨᠢᠭᠦᠯᠬᠦ ᠵᠦᠢᠯᠡᠰ ᠢ ᠱᠠᠭᠠᠷᠳᠠᠯᠭ᠎ᠠ ᠶᠣᠰᠣᠭᠠᠷ ᠠᠰ ᠲᠤᠨᠢ ᠲᠣᠬᠢᠷᠠᠭᠤᠯᠤᠨ᠎ᠠ᠃  ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠳᠤᠮᠳᠠᠳᠤ ᠪᠠᠭ᠎ᠠ ᠰᠤᠷᠭᠠᠭᠤᠯᠢ ᠨᠤᠭᠤᠳ ︽ᠴᠠᠭᠠᠨ ᠲᠠᠩᠰᠠ︾ ᠶᠢ ᠦᠨᠳᠦᠰᠦᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠬᠢᠵᠦ᠂ ᠪᠦᠭᠦ ᠶᠠᠪᠤᠴᠠ ᠳᠤ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠢᠳᠡᠪᠬᠢᠲᠡᠢ ᠠᠬᠢᠭᠤᠯᠵᠤ᠂ ᠬᠥᠮᠥᠨ ᠢ ᠬᠥᠮᠥᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ᠃ ︽ᠴᠠᠭᠠᠨ ᠲᠠᠩᠰᠠ︾ ᠶᠢᠨ ᠵᠦᠢᠯᠡᠰ ᠲᠤ ᠤᠷᠤᠯᠳᠤᠭᠠᠨ᠂ ᠰᠡᠳᠦᠪ ᠬᠠᠷᠢᠭᠤᠯᠬᠤ᠂ ᠡᠯᠰᠡᠨ ᠴᠤᠭᠯᠠᠭᠤᠯᠬᠤ᠂ ᠡᠭᠦᠳᠦᠨ ᠪᠠᠶᠢᠭᠤᠯᠬᠤ ᠵᠡᠷᠭᠡ ᠠᠭᠤᠯᠭ᠎ᠠ ᠳᠤ ᠬᠤᠯᠪᠣᠭᠳᠠᠪᠠᠯ᠂ ᠰᠤᠷᠭᠠᠭᠤᠯᠢ᠂ ᠰᠣᠷᠣᠬᠴᠢ᠂ ᠪᠠᠭᠰᠢ ᠨᠠᠷ ᠤᠨ ᠰᠠᠶᠢᠨ ᠳᠤᠷ᠎ᠠ  ᠠᠴᠠ ᠪᠠᠨ ᠣᠷᠤᠯᠴᠠᠬᠤ ᠵᠠᠷᠴᠢᠮ ᠢ ᠪᠠᠷᠢᠮᠲᠠᠯᠠᠨ᠎ᠠ᠂ ᠠᠯᠪᠠᠳᠠᠵᠤ ᠪᠤᠯᠬᠤ ᠦᠭᠡᠢ᠂ ᠨᠡᠷᠡᠰ ᠤᠨ ᠵᠢᠭᠰᠠᠭᠠᠯᠲᠠ ᠪᠠᠷ ᠰᠢᠯᠭᠠᠨ ᠬᠢᠨᠠᠬᠤ ᠪᠤᠶᠤ ᠱᠠᠲᠤ ᠱᠠᠲᠤ ᠪᠠᠷ ᠰᠣᠩᠭᠤᠨ ᠰᠢᠯᠭᠠᠷᠠᠭᠤᠯᠤᠯᠲᠠ ᠬᠢᠬᠦ ᠦᠭᠡᠢ ᠭᠡᠵᠦ ᠱᠠᠭᠠᠷᠳᠠᠪᠠ᠃      2025 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠵᠢᠯ ᠪᠦᠷᠢ ᠶᠢᠨ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠨᠡᠶᠢᠭᠡᠮ ᠤᠨ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠠᠷᠢᠮᠵᠢᠶ᠎ᠠ ᠳᠤ ᠨᠡᠶᠢᠴᠡᠬᠦ ᠵᠦᠢᠯᠡᠰ ᠢ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠷᠢᠶᠠᠩᠭᠤᠶᠢᠯᠠᠨ ᠠᠩᠬ᠎ᠠ ᠬᠢᠨᠠᠵᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠠᠳᠠᠯᠢ ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠨᠡᠶᠢᠭᠡᠮ ᠳᠤ ᠬᠠᠨᠳᠤᠭᠤᠯᠤᠨ ︽ᠴᠠᠭᠠᠨ ᠲᠠᠩᠰᠠ︾ ᠶᠢ ᠨᠡᠶᠢᠲᠡᠯᠡᠬᠦ ᠶᠢᠨ ᠬᠠᠮᠲᠤ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠳᠠᠩᠰᠠᠯᠠᠭᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号