ᠹᠦ᠋ ᠣᠷᠣᠯ᠎ᠠ
ᠨᠡᠶᠢᠲᠡᠯᠡᠭᠰᠡᠨ ᠴᠠᠭ᠄
2024/7/17
     ᠡᠨᠡ ᠵᠢᠯ ᠤᠨ ᠭᠤᠷᠪᠠᠨ ᠹᠦ᠋ ᠨᠢ 40 ᠡᠳᠦᠷ ᠲᠠᠢ᠂ ᠡᠨᠡ ᠪᠣᠯ ᠠᠷᠪᠠᠨ ᠵᠢᠯ ᠳᠠᠷᠠᠭᠠᠯᠠᠨ ︽ᠤᠷᠲᠤᠳᠬᠠᠭᠰᠠᠨ︾ ᠭᠤᠷᠪᠠᠨ ᠹᠦ᠋ ᠶᠢᠨ ᠡᠳᠦᠷ ᠪᠣᠯᠣᠨ᠎ᠠ᠃ ᠵᠢᠷᠤᠬᠠᠢ ᠪᠠᠷ ᠪᠤᠳᠤᠪᠠᠯ᠂ ᠡᠨᠡ ᠵᠢᠯ ᠤᠨ ᠡᠬᠢᠨ ᠤ ᠹᠦ᠋ ᠨᠢ 7 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 24 ᠤ ᠡᠳᠦᠷ᠂ ᠳᠤᠮᠳᠠ ᠹᠦ᠋ ᠨᠢ 7 ᠰᠠᠷ᠎ᠠ ᠶᠢᠨ 25 ᠤ ᠡᠳᠦᠷ ᠠᠴᠠ 8 ᠰᠠᠷ᠎ᠠ ᠶᠢᠨ 13 ᠤ ᠡᠳᠦᠷ᠂ ᠡᠴᠦᠰ ᠤᠨ ᠹᠦ᠋ ᠨᠢ 8 ᠰᠠᠷ᠎ᠠ ᠶᠢᠨ 14 ᠤ ᠡᠳᠦᠷ ᠠᠴᠠ 8 ᠰᠠᠷ᠎ᠠ ᠶᠢᠨ 23 ᠤ ᠡᠳᠦᠷ᠂ ᠨᠡᠶᠢᠲᠡ 40 ᠡᠳᠦᠷ ᠪᠣᠯᠣᠨ᠎ᠠ᠃      ᠭᠤᠷᠪᠠᠨ ᠹᠦ᠋ ᠶᠢᠨ ᠡᠳᠦᠷ ᠨᠢ ᠪᠠᠭ᠎ᠠ ᠬᠠᠯᠠᠭᠤᠨ ᠪᠣᠯᠣᠨ ᠬᠠᠯᠠᠭᠤᠨ ᠡᠭᠡᠬᠦ ᠶᠢᠨ ᠬᠤᠭᠤᠷᠣᠨᠳᠤ ᠢᠯᠡᠷᠡᠵᠦ᠂ ᠨᠢᠭᠡ ᠵᠢᠯ ᠤᠨ ᠳᠣᠲᠣᠷᠠᠬᠢ ᠠᠭᠠᠷ ᠤᠨ ᠳᠤᠯᠠᠭᠠᠨ ᠬᠠᠮᠤᠭ ᠥᠨᠳᠥᠷ ᠪᠦᠭᠴᠢᠮ ᠬᠠᠯᠠᠭᠤᠨ ᠮᠥᠷᠲᠡᠭᠡᠨ ᠴᠢᠭᠢᠭᠯᠢᠭ ᠴᠠᠭ ᠬᠤᠭᠤᠴᠠᠭ᠎ᠠ ᠪᠣᠯᠣᠨ᠎ᠠ᠃ ᠭᠤᠷᠪᠠᠨ ᠹᠦ᠋ ᠨᠢ ᠠᠩᠬᠠᠨ ᠤ ᠹᠦ᠋᠂ ᠳᠤᠮᠳᠠ ᠹᠦ᠋ ᠪᠠ ᠡᠴᠦᠰ ᠤᠨ ᠹᠦ᠋ ᠶᠢᠨ ᠢᠯᠭᠠᠭ᠎ᠠ ᠲᠠᠢ᠂ ᠲᠡᠭᠦᠨ ᠤ ᠡᠳᠦᠷ ᠬᠤᠭᠤᠴᠠᠭ᠎ᠠ ᠨᠢ ᠬᠤᠷᠢᠨ ᠳᠥᠷᠪᠡᠨ ᠴᠠᠭ ᠤᠯᠠᠷᠢᠯ ᠪᠠ ᠡᠰᠢ ᠡᠷᠬᠡᠲᠡᠨ ᠤ ᠡᠳᠦᠷ ᠬᠤᠭᠤᠴᠠᠭ᠎ᠠ ᠶᠢᠨ ᠬᠠᠮᠵᠢᠯᠴᠠᠭ᠎ᠠ ᠪᠠᠷ ᠲᠣᠭᠲᠠᠭᠠᠭᠳᠠᠨ᠎ᠠ᠃ ᠲᠡᠭᠷᠢ ᠶᠢᠨ ᠡᠰᠢ 10 ᠪᠠᠶᠢᠵᠤ᠂ ᠲᠣᠰ ᠲᠣᠰ ᠬᠥᠬᠡ᠂ ᠬᠥᠬᠡᠭᠴᠢᠨ᠂ ᠤᠯᠠᠭᠠᠨ᠂ ᠤᠯᠠᠭᠠᠭᠴᠢᠨ᠂ ᠰᠢᠷ᠎ᠠ᠂ ᠰᠢᠷᠠᠭᠴᠢᠨ᠂ ᠴᠠᠭᠠᠨ᠂ ᠴᠠᠭᠠᠭᠴᠢᠨ᠂ ᠬᠠᠷ᠎ᠠ᠂ ᠬᠠᠷᠠᠭᠴᠢᠨ ᠪᠣᠯᠣᠨ᠎ᠠ᠂ ᠡᠶᠢᠮᠦ ᠠᠴᠠ 10 ᠡᠳᠦᠷ ᠠᠯᠤᠰᠯᠠᠬᠤ ᠪᠦᠷᠢ ᠨᠢᠭᠡ ᠴᠠᠭᠠᠨ ᠡᠰᠢ ᠡᠳᠦᠷ ᠲᠣᠬᠢᠶᠠᠳᠠᠭ᠃ ᠵᠢᠯ ᠪᠦᠷᠢ ᠶᠢᠨ ᠵᠤᠨ ᠤ ᠲᠤᠶᠢᠯ ᠤᠨ ᠳᠠᠷᠠᠭᠠᠬᠢ ᠭᠤᠷᠪᠠᠳᠤᠭᠠᠷ ᠴᠠᠭᠠᠨ ᠡᠰᠢ ᠡᠳᠦᠷ ᠲᠤ ᠹᠦ᠋ ᠣᠷᠣᠵᠤ᠂ ᠨᠠᠮᠤᠷ ᠤᠨ ᠠᠭᠤᠷ ᠣᠷᠣᠭᠰᠠᠨ ᠤ ᠳᠠᠷᠠᠭᠠᠬᠢ ᠬᠤᠶᠠᠳᠤᠭᠠᠷ ᠴᠠᠭᠠᠨ ᠡᠰᠢ ᠡᠳᠦᠷ ᠲᠤ ᠹᠦ᠋ ᠳᠠᠭᠤᠰᠳᠠᠭ᠃ ᠵᠢᠯ ᠪᠦᠷᠢ ᠶᠢᠨ ᠴᠠᠭᠠᠨ ᠡᠰᠢ ᠡᠳᠦᠷ ᠨᠢ ᠲᠣᠭᠲᠠᠪᠤᠷᠢ ᠦᠭᠡᠢ᠂ ᠡᠶᠢᠮᠦ ᠠᠴᠠ ᠵᠢᠯ ᠪᠦᠷᠢ ᠶᠢᠨ ᠹᠦ᠋ ᠣᠷᠣᠬᠤ ᠡᠳᠦᠷ ᠨᠢ ᠴᠸ ᠠᠳᠠᠯᠢ ᠦᠭᠡᠢ᠃ ᠠᠩᠬᠠᠨ ᠤ ᠹᠦ᠋ ᠪᠠ ᠡᠴᠦᠰ ᠤᠨ ᠹᠦ᠋ ᠶᠢᠨ ᠤᠷᠲᠤ ᠨᠢ ᠪᠦᠷ 10 ᠡᠳᠦᠷ᠃ ᠳᠤᠮᠳᠠ ᠹᠦ᠋ ᠶᠢᠨ ᠣᠷᠳᠣ ᠨᠢ ᠨᠠᠮᠤᠷ ᠤᠨ ᠠᠭᠤᠷ ᠠᠮᠢᠰᠬᠤᠯ ᠬᠢᠭᠡᠳ ᠲᠡᠭᠦᠨ ᠤ ᠳᠠᠷᠠᠭᠠᠬᠢ ᠠᠩᠬᠠᠨ ᠤ ᠴᠠᠭᠠᠨ ᠡᠰᠢ ᠡᠳᠦᠷ ᠤᠨ ᠬᠤᠭᠤᠷᠣᠨᠳᠣᠭᠢ ᠵᠠᠢ ᠪᠠᠷ ᠲᠣᠭᠲᠠᠭᠠᠭᠳᠠᠵᠤ᠂ 10 ᠡᠳᠦᠷ ᠪᠠᠶᠢᠵᠤ ᠮᠡᠳᠡᠨ᠎ᠡ᠂ 20 ᠡᠳᠦᠷ ᠴᠤ ᠪᠠᠶᠢᠵᠤ ᠮᠡᠳᠡᠨ᠎ᠡ᠂ ᠡᠨᠡ ᠵᠢᠯ ᠪᠣᠯ 20 ᠡᠳᠦᠷ ᠪᠣᠯᠣᠨ᠎ᠠ᠃      ᠪᠦᠭᠦ ᠤᠯᠤᠰ ᠤᠨ ᠣᠯᠠᠨ ᠭᠠᠵᠠᠷ ᠲᠤ ᠦᠷᠭᠦᠯᠵᠢᠯᠡᠭᠰᠡᠨ ᠥᠨᠳᠥᠷ ᠬᠠᠯᠠᠭᠤᠨ ᠴᠠᠭ ᠠᠭᠤᠷ ᠢᠯᠡᠷᠡᠨ᠎ᠡ᠃      ︽ᠹᠦ᠋ ᠣᠷᠣᠭᠰᠠᠨ︾ ᠤ ᠳᠠᠷᠠᠭ᠎ᠠ ᠪᠦᠭᠦ ᠤᠯᠤᠰ ᠤᠨ ᠣᠯᠠᠨ ᠭᠠᠵᠠᠷ ᠲᠤ ᠦᠷᠭᠦᠯᠵᠢᠯᠡᠭᠰᠡᠨ ᠥᠨᠳᠥᠷ ᠬᠠᠯᠠᠭᠤᠨ ᠴᠠᠭ ᠠᠭᠤᠷ ᠢᠯᠡᠷᠡᠨ᠎ᠡ᠃ ᠲᠥᠪ ᠤᠨ ᠴᠠᠭ ᠠᠭᠤᠷ ᠤᠨ ᠬᠤᠷᠢᠶ᠎ᠠ ᠶᠢᠨ ᠳᠤᠮᠳᠠ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠢᠷᠡᠬᠦ 10 ᠡᠳᠦᠷ ᠲᠤ ᠵᠢᠶᠠᠩᠨᠠᠨ᠂ ᠡᠮᠦᠨᠡᠲᠦ ᠣᠷᠣᠨ ᠤ ᠶᠡᠬᠡᠩᠬᠢ ᠬᠡᠰᠡᠭ᠂ ᠬᠥᠬᠡᠮᠥ᠋ᠷᠡᠨ ᠪᠠ ᠬᠠᠨᠵᠢᠶᠠᠩ ᠮᠥᠷᠡᠨ ᠤ ᠵᠡᠭᠦᠨ ᠪᠡᠶ᠎ᠡ᠂ ᠬᠥᠬᠡᠮᠥ᠋ᠷᠡᠨ ᠬᠤᠸᠠᠶᠢᠾᠧ ᠭᠤᠣᠯ ᠵᠢᠴᠢ ᠰᠢᠨᠵᠢᠶᠠᠩ ᠤᠨ ᠬᠤᠲᠣᠭᠤᠷ ᠤᠨ ᠭᠠᠵᠠᠷ ᠣᠷᠣᠨ᠂ ᠥᠪᠥᠷ ᠮᠣᠩᠭᠤᠯ ᠤᠨ ᠪᠠᠷᠠᠭᠤᠨ ᠪᠡᠶ᠎ᠡ ᠵᠡᠷᠭᠡ ᠭᠠᠵᠠᠷ ᠣᠷᠣᠨ ᠳᠤ ᠦᠷᠭᠦᠯᠵᠢᠯᠡᠭᠰᠡᠨ ᠠᠭᠠᠭᠢᠮ᠎ᠠ ᠬᠠᠯᠠᠭᠤᠨ ᠴᠠᠭ ᠠᠭᠤᠷ ᠢᠯᠡᠷᠡᠵᠦ᠂ 5 ~ 10 ᠡᠳᠦᠷ ᠦᠷᠭᠦᠯᠵᠢᠯᠡᠨ᠂ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ ᠶᠡᠷᠦ ᠳᠡᠭᠡᠨ 35 ~ 39°C ᠪᠠᠶᠢᠵᠤ᠂ ᠬᠡᠰᠡᠭ ᠭᠠᠵᠠᠷ ᠲᠤ 40°C ᠠᠴᠠ ᠳᠡᠭᠡᠭᠰᠢ ᠳᠤ ᠬᠦᠷᠬᠦ ᠪᠣᠯᠣᠨ᠎ᠠ᠃ ᠣᠯᠠᠨ ᠢᠶᠠᠷ ᠢᠶᠠᠨ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠷᠭ᠎ᠠ ᠬᠡᠮᠵᠢᠶ᠎ᠡ ᠠᠪᠴᠤ᠂ ᠨᠠᠰᠤᠲᠠᠶᠢᠴᠤᠳ ᠬᠡᠦᠬᠡᠳ ᠵᠢᠴᠢ ᠪᠡᠶ᠎ᠡ ᠠᠨᠠᠢ ᠬᠥᠮᠥᠰ ᠦᠳᠡ ᠶᠢᠨ ᠬᠤᠶᠢᠨᠠᠬᠢ ᠥᠨᠳᠥᠷ ᠬᠠᠯᠠᠭᠤᠨ ᠳᠤ ᠭᠠᠳᠠᠭᠰᠢ ᠭᠠᠷᠬᠤ ᠠᠴᠠ ᠠᠯᠢ ᠴᠢᠳᠠᠬᠤ ᠪᠠᠷ ᠵᠠᠶᠢᠯᠠᠰᠬᠢᠬᠤ ᠴᠢᠬᠤᠯᠠᠲᠠᠢ᠃      ᠢᠷᠡᠯᠲᠡ᠄  ᠲᠥᠪ ᠲᠧᠯᠸᠢᠰ ᠤᠨ ᠰᠣᠨᠢᠨ ᠮᠡᠳᠡᠭᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号