ᠴᠡᠴᠡᠷᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠵᠠᠩᠭᠢᠯᠠᠭ᠎ᠠ ᠨᠢ ᠪᠦᠲᠦᠮᠵᠢᠲᠡᠶ ᠬᠠᠮᠢᠶᠠᠷᠤᠯᠲᠠ ᠪᠣᠯᠣᠨ᠎ᠠ
ᠨᠡᠶᠢᠲᠡᠯᠡᠭᠰᠡᠨ ᠴᠠᠭ᠄
2024/7/17
     ᠵᠤᠨ ᠤ ᠤᠯᠠᠷᠢᠯ ᠪᠣᠯᠬᠤ ᠳᠤ ᠴᠡᠴᠡᠷᠯᠢᠭ ᠨᠢ ᠬᠤᠲᠠ ᠶᠢᠨ ᠠᠷᠠᠳ ᠤᠨ ᠬᠠᠯᠠᠭᠤᠨ ᠠᠴᠠ ᠵᠠᠶᠢᠯᠠᠬᠤ᠂ ᠵᠤᠭ᠎ᠠ ᠴᠡᠩᠭᠡᠯ ᠤᠨ ᠬᠠᠯᠠᠮᠰᠢᠯ ᠭᠠᠵᠠᠷ ᠪᠣᠯᠪᠠ᠃ ᠡᠭᠦᠨ ᠤ ᠬᠠᠮᠲᠤ᠂ ᠴᠡᠴᠡᠷᠯᠢᠭ ᠢᠶᠠᠷ ᠵᠤᠭᠠᠴᠠᠬᠤ ᠠᠵᠢᠯᠯᠠᠭ᠎ᠠ ᠶᠢᠨ ᠨᠡᠮᠡᠭᠳᠡᠯ  ᠨᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠨ᠎ᠡ ᠥᠷᠢᠰᠦᠯᠳᠦᠭᠡᠨ ᠢ ᠠᠪᠴᠢᠷᠠᠪᠠ᠄ ᠬᠤᠲᠠ ᠶᠢᠨ ᠠᠷᠠᠳ ᠤᠨ ᠰᠡᠷᠢᠭᠦᠨ ᠲᠠᠭᠠᠯᠠᠮᠵᠢᠲᠠᠢ ᠪᠠᠶᠢᠬᠤ ᠶᠢ ᠪᠠᠲᠤᠯᠠᠬᠤ ᠶᠢᠨ ᠬᠠᠮᠲᠤ᠂ ᠠᠮᠤᠷ ᠲᠦᠪᠰᠢᠨ ᠢ ᠬᠡᠷᠬᠢᠨ ᠭᠦᠢᠴᠡᠳ ᠪᠠᠲᠤᠯᠠᠬᠤ ᠪᠣᠶ︖            ᠬᠤᠲᠠ ᠶᠢᠨ ᠠᠷᠠᠳ ᠤᠨ ᠰᠥᠨᠢ ᠪᠠᠷ ᠵᠤᠭᠠᠴᠠᠬᠤ ᠤᠨ ᠴᠡᠴᠡᠷᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠵᠠᠩᠭᠢᠯᠠᠭ᠎ᠠ ᠨᠢ ᠪᠦᠲᠦᠮᠵᠢᠲᠡᠶ ᠬᠠᠮᠢᠶᠠᠷᠤᠯᠲᠠ ᠪᠣᠯᠣᠨ᠎ᠠ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄          ᠶᠠᠭᠤᠨ ᠤ ᠡᠮᠦᠨ᠎ᠡ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠲᠠᠯ᠎ᠠ ᠪᠠᠷ᠂ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭᠳᠠᠨ ᠪᠠᠶᠢᠴᠠᠭᠠᠬᠤ ᠠᠵᠢᠯᠲᠠᠨ ᠢ ᠨᠡᠮᠡᠨ ᠲᠣᠮᠢᠯᠠᠵᠤ᠂ ᠢᠯᠠᠩᠭᠤᠶ᠎ᠠ ᠬᠥᠮᠥᠨ ᠬᠠᠷ᠎ᠠ ᠬᠤᠷᠠᠨ ᠴᠤᠭᠯᠠᠷᠠᠬᠤ᠂ ᠠᠮᠤᠷ ᠲᠦᠪᠰᠢᠨ ᠤ ᠠᠰᠠᠭᠤᠳᠠᠯ ᠠᠮᠠᠷᠬᠠᠨ ᠭᠠᠷᠬᠤ ᠣᠷᠣᠨ ᠪᠦᠰᠡ ᠳᠤ ᠪᠦᠬᠦᠯᠢ ᠡᠳᠦᠷ ᠢᠶᠠᠷ ᠪᠥᠬᠦ ᠲᠠᠯ᠎ᠠ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠴᠠᠭᠳᠠᠨ ᠪᠠᠶᠢᠴᠠᠭᠠᠭᠴᠢ ᠡᠷᠬᠡᠪᠰᠢ ᠬᠤᠷᠴᠠ ᠰᠡᠷᠭᠡᠭ ᠠᠵᠢᠭᠯᠠᠬᠤ ᠴᠢᠳᠠᠪᠤᠷᠢ ᠶᠢ ᠪᠦᠷᠢᠯᠳᠦᠭᠦᠯᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ ᠨᠥᠭᠦᠭᠡ ᠲᠠᠯ᠎ᠠ ᠪᠠᠷ᠂ ᠭᠡᠷᠡᠯᠲᠦᠭᠦᠯᠭᠡ ᠶᠢᠨ ᠪᠡᠯᠡᠳᠬᠡᠮᠵᠢ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠥᠨᠢ ᠶᠢᠨ ᠴᠡᠴᠡᠷᠯᠢᠭ ᠤᠨ ᠳᠣᠲᠣᠷᠠᠬᠢ ᠵᠠᠮ᠂ ᠠᠭᠤᠳᠠᠮ ᠲᠠᠯᠠᠪᠠᠶ᠂ ᠦᠵᠡᠮᠵᠢ ᠶᠢᠨ ᠣᠷᠣᠨ ᠵᠡᠷᠭᠡ ᠴᠢᠬᠤᠯᠠ ᠣᠷᠣᠨ ᠪᠦᠰᠡ ᠶᠢᠨ ᠭᠡᠷᠡᠯᠲᠦᠭᠦᠯᠭᠡ ᠭᠦᠢᠴᠡᠳ᠂ ᠬᠢᠨᠠᠨ ᠡᠵᠡᠮᠳᠡᠭᠦᠷ ᠨᠢ ᠶᠠᠭᠤᠮ᠎ᠠ ᠪᠦᠬᠦᠨ ᠢ ᠬᠢᠨᠠᠵᠤ ᠴᠢᠳᠠᠬᠤ ᠶᠢ ᠦᠨᠡᠨᠬᠦ ᠪᠠᠲᠤᠯᠠᠵᠤ᠂ ᠬᠤᠲᠠ ᠶᠢᠨ ᠠᠷᠠᠳ ᠲᠤ ᠠᠮᠤᠷ ᠲᠦᠪᠰᠢᠨ ᠵᠤᠭᠠᠴᠠᠨ ᠨᠠᠭᠠᠳᠬᠤ ᠣᠷᠴᠢᠨ ᠲᠣᠭᠤᠷᠢᠨ ᠢ ᠬᠠᠩᠭᠠᠨ᠎ᠠ᠃            ᠳᠠᠷᠠᠭᠠᠯᠠᠪᠠᠯ᠂ ᠦᠢᠯᠡᠴᠢᠯᠡᠭᠡᠨ ᠤ ᠲᠥᠬᠦᠭᠡᠷᠦᠮᠵᠢ ᠶᠢ ᠨᠢ ᠰᠢᠯᠢᠳᠡᠭᠵᠢᠭᠦᠯᠦᠨ᠎ᠡ᠃ ᠰᠥᠨᠢ ᠶᠢᠨ ᠴᠡᠴᠡᠷᠯᠢᠭ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ᠂ ᠡᠭᠦᠨ ᠳᠤ ᠠᠮᠠᠷᠠᠬᠤ ᠰᠠᠭᠤᠳᠠᠯ᠂ ᠬᠤᠭ ᠨᠣᠪᠰᠢ ᠶᠢᠨ ᠰᠠᠪᠠ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠨᠡᠮᠡᠬᠦ᠂ ᠬᠤᠲᠠ ᠶᠢᠨ ᠠᠷᠠᠳ ᠤᠨ ᠠᠮᠠᠷᠠᠬᠤ ᠳᠤ ᠲᠥᠬᠦᠮ ᠦᠵᠡᠭᠦᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠪᠠᠭᠲᠠᠨ᠎ᠠ︔ ᠲᠣᠳᠣᠷᠬᠠᠢ ᠵᠢᠭᠠᠯᠲᠠ ᠶᠢᠨ ᠫᠠᠶᠢᠰᠠ ᠪᠠ ᠵᠠᠮᠴᠢᠯᠠᠬᠤ ᠵᠢᠷᠤᠭ ᠭᠠᠷᠭᠠᠵᠤ᠂ ᠬᠤᠲᠠ ᠶᠢᠨ ᠠᠷᠠᠳ ᠢ ᠬᠠᠪᠰᠤᠷᠤᠨ ᠵᠣᠷᠢᠭᠰᠠᠨ ᠭᠠᠵᠠᠷ ᠢᠶᠠᠨ ᠲᠦᠷᠭᠡᠨ ᠡᠷᠢᠵᠦ ᠣᠯᠬᠤ ᠶᠢ ᠪᠠᠲᠤᠯᠠᠨ᠎ᠠ︔ ᠳᠥᠭᠦᠮ ᠳᠥᠲᠡ ᠪᠢᠯᠧᠲ ᠬᠤᠳᠠᠯᠳᠤᠨ ᠠᠪᠬᠤ᠂ ᠲᠦᠷᠢᠶᠡᠰᠦᠯᠡᠭᠦᠯᠬᠦ ᠵᠡᠷᠭᠡ ᠦᠢᠯᠡᠴᠢᠯᠡᠭᠡ ᠬᠠᠩᠭᠠᠨ᠎ᠠ᠃ ᠡᠭᠦᠨ ᠠᠴᠠ ᠭᠠᠳᠠᠨ᠎ᠠ᠂ ᠪᠠᠰᠠ ᠬᠤᠲᠠ ᠶᠢᠨ ᠠᠷᠠᠳ ᠤᠨ ᠬᠡᠷᠡᠭᠴᠡᠭᠡ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠰᠣᠶᠣᠯ ᠤᠨ ᠲᠣᠭᠯᠠᠯᠲᠠ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠡᠷᠭᠡ ᠪᠠᠶᠠᠯᠢᠭ ᠰᠠᠶᠢᠬᠠᠨ ᠵᠤᠭᠠᠴᠠᠯ ᠤᠨ ᠲᠥᠷᠥᠯ ᠵᠦᠢᠯ ᠢ ᠡᠷᠬᠢᠯᠡᠵᠦ᠂ ᠬᠤᠲᠠ ᠶᠢᠨ ᠠᠷᠠᠳ ᠤᠨ ᠠᠮᠢᠳᠤᠷᠠᠯ ᠢ ᠪᠠᠶᠠᠯᠢᠭᠵᠢᠭᠤᠯᠵᠤ ᠪᠣᠯᠣᠨ᠎ᠠ᠃            ᠬᠠᠮᠤᠭ ᠤᠨ ᠰᠡᠭᠦᠯ ᠳᠤ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠤᠯᠠᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠥᠨᠢ ᠶᠢᠨ ᠵᠤᠭᠠᠴᠠᠯ ᠤᠨ ᠴᠡᠴᠡᠷᠯᠢᠭ ᠲᠠᠬᠢ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠬᠠᠮᠲᠤᠪᠠᠷ ᠠᠷᠭᠠᠴᠠᠭᠠᠬᠤ ᠬᠡᠷᠡᠭᠲᠡᠢ᠃ ᠡᠭᠦᠨ ᠤ ᠬᠠᠮᠲᠤ᠂ ᠬᠤᠲᠠ ᠶᠢᠨ ᠠᠷᠠᠳ ᠢ ᠤᠷᠢᠵᠤ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ᠂ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃         ᠡᠯ᠎ᠡ ᠭᠠᠵᠠᠷ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠪᠡᠶ᠎ᠡ ᠶᠢᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠮᠤᠷ ᠲᠦᠪᠰᠢᠨ᠂ ᠡᠮᠬᠢ ᠵᠢᠷᠤᠮ ᠲᠠᠢ᠂ ᠲᠠᠭᠠᠯᠠᠮᠵᠢᠲᠠᠢ ᠴᠡᠴᠡᠷᠯᠢᠭ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠠᠷᠠᠳ ᠲᠤ ᠬᠤᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号