| | ᠪᠦᠬᠦ ᠬᠤᠲᠠ ᠶᠢᠨ ᠠᠷᠠᠳ ᠲᠦᠮᠡᠨ ᠤ ᠨᠠᠶᠢᠷᠠᠯ ᠳᠠᠭᠤᠤ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ | ᠲᠥᠯᠥᠭᠡ᠂ 7 ᠰᠠᠷ᠎ᠠ ᠶᠢᠨ 17 ᠤ ᠡᠳᠦᠷ ᠬᠥᠬᠡᠬᠤᠲᠠ ᠶᠢᠨ ᠣᠯᠠᠨ ᠲᠦᠮᠡᠨᠴᠢ ᠴᠢᠨᠠᠷᠲᠠᠢ ᠳᠠᠭᠤᠤ ᠶᠢᠨ | ᠦᠵᠡᠭᠦᠯᠦᠯᠭᠡ ᠶᠢᠨ ᠲᠣᠭᠯᠠᠯᠲᠠ ᠰᠠᠶᠢᠬᠠᠨ ᠲᠣᠭᠤᠷᠢᠭ ᠤᠨ ᠲᠤᠰᠬᠠᠢ ᠲᠠᠯᠠᠪᠤᠷ ᠭᠤᠷᠪᠠᠳᠤᠭᠠᠷ ᠲᠠᠯᠠᠪᠤᠷ ᠴᠢᠦ ᠯᠢᠩ | ᠴᠡᠴᠡᠷᠯᠢᠭ ᠲᠤ ᠶᠠᠪᠤᠭᠳᠠᠪᠠ᠃ ᠲᠣᠰ ᠤᠳᠠᠭᠠᠨ ᠤ ᠨᠠᠶᠢᠷᠠᠯ ᠳᠠᠭᠤᠤ ᠶᠢᠨ ᠲᠣᠭᠯᠠᠯᠲᠠ ᠪᠥᠬᠦ ᠬᠤᠲᠠ ᠶᠢᠨ ᠨᠡᠶᠢᠲᠡ 9 | ᠨᠠᠶᠢᠷᠠᠯ ᠳᠠᠭᠤᠤ ᠶᠢᠨ ᠡᠩᠨᠡᠭᠡ ᠶᠢ ᠴᠤᠭᠯᠠᠷᠠᠭᠤᠯᠵᠤ᠂ ᠳᠠᠭᠤᠤ ᠪᠠᠷ ᠳᠠᠮᠵᠢᠭᠤᠯᠤᠨ ᠢᠳᠡᠪᠬᠢ ᠬᠦᠴᠦᠨ ᠢ | ᠳᠠᠮᠵᠢᠭᠤᠯᠵᠤ᠂ ᠬᠥᠬᠡᠬᠤᠲᠠ ᠶᠢᠨ ᠠᠷᠠᠳ ᠲᠦᠮᠡᠨ ᠤ ᠰᠣᠶᠣᠯ ᠤᠨ ᠢᠲᠡᠭᠡᠯ ᠪᠠ ᠴᠤᠭ ᠵᠢᠪᠬᠤᠭ᠎ᠠ ᠶᠢ ᠢᠯᠡᠷᠡᠭᠦᠯᠪᠡ᠃ | | | | | | | | | | | | | | | | | | ᠡᠨᠡ ᠤᠳᠠᠭᠠᠨ ᠤ ᠠᠵᠢᠯᠯᠠᠭ᠎ᠠ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠪᠦᠯᠬᠦᠮ ᠪᠣᠯᠣᠨ ᠰᠠᠭᠤᠭᠠᠯᠢ | ᠠᠷᠠᠳ ᠲᠤ ᠥᠪᠡᠷ ᠢ ᠪᠠᠨ ᠳᠡᠯᠭᠡᠨ ᠦᠵᠡᠭᠦᠯᠬᠦ᠂ ᠤᠷᠠᠯᠢᠭ ᠢ ᠰᠣᠯᠢᠯᠴᠠᠬᠤ ᠡᠷᠬᠢᠮ ᠨᠠᠨᠳᠢᠨ ᠲᠠᠪᠴᠠᠩ | ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠠᠶᠠᠯᠢᠭ ᠰᠠᠶᠢᠬᠠᠨ ᠫᠷᠣᠭ᠍ᠷᠠᠮ ᠤᠨ ᠠᠭᠤᠯᠭ᠎ᠠ ᠪᠠᠷ ᠳᠠᠮᠵᠢᠭᠤᠯᠤᠨ᠂ | ᠰᠠᠭᠤᠭᠠᠯᠢ ᠠᠷᠠᠳ ᠤᠨ ᠭᠤᠸ᠎ᠠ ᠰᠠᠶᠢᠬᠠᠨ ᠤ ᠬᠡᠷᠡᠭᠴᠡᠭᠡ ᠪᠣᠯᠣᠨ ᠤᠶᠤᠨ ᠰᠠᠨᠠᠭᠠᠨ ᠤ ᠰᠣᠶᠣᠯ ᠤᠨ | ᠬᠥᠭᠡᠭᠡᠴᠡᠯᠳᠦᠯ ᠢ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠣᠯᠠᠨ ᠲᠦᠮᠡᠨ ᠤ ᠤᠳᠬ᠎ᠠ ᠤᠷᠠᠯᠢᠭ ᠤᠨ ᠭᠠᠵᠠᠷ | ᠣᠷᠣᠨ ᠤ ᠣᠨᠴᠠᠯᠢᠭ ᠢ ᠳᠣᠪᠤᠶᠢᠯᠭᠠᠵᠤ᠂ ᠰᠠᠭᠤᠭᠠᠯᠢ ᠠᠷᠠᠳ ᠤᠨ ᠨᠢᠭᠲᠠᠷᠠᠯ ᠤᠨ ᠬᠦᠴᠦᠨ ᠪᠠ ᠵᠣᠯ ᠵᠢᠷᠭᠠᠯᠲᠤ | ᠲᠥᠷᠥᠭᠳᠡᠯ ᠢ ᠨᠡᠮᠡᠭᠳᠡᠭᠦᠯᠵᠦ᠂ ᠰᠠᠶᠢᠬᠠᠨ ᠲᠣᠭᠤᠷᠢᠭ ᠴᠢᠨᠠᠭᠰᠢᠯᠠᠪᠠᠯ ᠬᠥᠬᠡᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠨᠡᠮᠡᠷᠢᠯᠡᠭᠰᠡᠨ ᠪᠠᠶᠢᠨ᠎ᠠ᠃ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |