| | ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠂ ᠪᠦᠭᠦ | ᠠᠭᠤᠯᠭ᠎ᠠ ᠨᠢ ᠳᠣᠣᠷᠠᠬᠢ ᠮᠡᠲᠦ᠄ | | | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ | ᠮᠥᠨ᠂ ᠮᠠᠨ ᠤ ᠣᠷᠣᠨ ᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠶᠢ | ᠠᠬᠢᠭᠤᠯᠬᠤ ᠪᠡᠯᠡᠳᠬᠡᠯ ᠬᠦᠴᠦᠨ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠴᠢᠬᠤᠯᠠ ᠬᠦᠴᠦᠨ | ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠶᠢᠨ ᠲᠥᠯᠥᠭᠡ᠂ ᠳᠣᠣᠷᠠᠬᠢ ᠮᠡᠲᠦ ᠰᠠᠨᠠᠯ ᠳᠤᠷᠠᠳᠪᠠ᠃ | | | ᠨᠢᠭᠡ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠬᠠᠷᠰᠢᠯᠠᠵᠤ ᠪᠦᠬᠦᠢ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠢᠯᠭᠠᠷᠠᠭᠤᠯᠤᠨ᠎ᠠ᠃ ᠠᠵᠤ ᠠᠬᠤᠶᠢᠯᠠᠯ ᠳᠤ ᠡᠷᠬᠡ | ᠲᠡᠭᠰᠢ ᠪᠤᠰᠤ ᠬᠠᠨᠳᠤᠬᠤ ᠳᠤ ᠬᠤᠯᠪᠣᠭᠳᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ | ᠲᠥᠷᠥ ᠶᠢᠨ ᠪᠣᠳᠣᠯᠭ᠎ᠠ ᠶᠢ ᠢᠯᠭᠠᠷᠠᠭᠤᠯᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠪᠠ ᠤᠬᠤᠷᠢᠨ ᠭᠠᠷᠬᠤ ᠶᠢ ᠬᠠᠷᠰᠢᠯᠠᠬᠤ᠂ ᠡᠯᠧᠮᠧᠨ᠋ᠲ ᠤᠨ ᠡᠷᠬᠡ ᠲᠡᠭᠰᠢ ᠣᠯᠬᠤ ᠪᠠ ᠴᠢᠯᠦᠭᠡᠲᠡᠢ ᠰᠢᠯᠵᠢᠭᠦ ᠶᠢ | ᠬᠠᠷᠰᠢᠯᠠᠬᠤ᠂ ᠲᠠᠸᠠᠷ ᠪᠠ ᠦᠢᠯᠡᠴᠢᠯᠡᠭᠡ ᠶᠢᠨ ᠴᠢᠯᠦᠭᠡᠲᠡᠢ ᠰᠢᠯᠵᠢᠭᠦ ᠶᠢ ᠬᠠᠷᠰᠢᠯᠠᠬᠤ᠂ ᠦᠢᠯᠡᠳᠪᠦᠷᠢᠯᠡᠯ | ᠡᠵᠡᠩᠨᠡᠯᠲᠡ ᠶᠢᠨ ᠥᠪᠡᠷ ᠤᠨ ᠥᠷᠲᠡᠭ ᠢ ᠨᠥᠯᠥᠭᠡᠯᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ | ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠨᠥᠯᠥᠭᠡᠯᠡᠬᠦ᠂ ᠬᠠᠤᠯᠢ ᠴᠠᠭᠠᠵᠠ ᠶᠢᠨ | ᠬᠠᠮᠠᠭᠠᠯᠠᠯᠲᠠ ᠵᠡᠷᠭᠡ ᠪᠠᠷ ᠭᠤᠣᠯᠳᠠᠯᠭ᠎ᠠ ᠪᠤᠯᠭᠠᠵᠤ᠂ ᠠᠳᠠᠯᠢ ᠪᠤᠰᠤ ᠥᠮᠴᠢᠯᠡᠯ᠂ ᠠᠳᠠᠯᠢ ᠪᠤᠰᠤ ᠬᠡᠪᠴᠢᠶ᠎ᠡ᠂ ᠠᠳᠠᠯᠢ | ᠪᠤᠰᠤ ᠭᠠᠵᠠᠷ ᠣᠷᠣᠨ ᠤ ᠠᠵᠤ ᠠᠬᠤᠶᠢᠯᠠᠯ ᠢ ᠭᠠᠳᠠᠭᠤᠷᠴᠢᠯᠠᠬᠤ ᠪᠠ ᠢᠯᠭᠠᠭ᠎ᠠ ᠲᠠᠢ ᠪᠠᠷ ᠬᠠᠨᠳᠤᠬᠤ ᠲᠣᠭᠲᠠᠭᠠᠯ | ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠵᠡᠷᠭᠡ ᠳᠤ ᠭᠠᠳᠠᠭᠤᠷᠴᠢᠯᠠᠯ ᠪᠠᠶᠢᠬᠤ ᠲᠣᠭᠲᠠᠭᠠᠯ ᠢ ᠪᠦᠭᠦ ᠲᠠᠯ᠎ᠠ ᠪᠠᠷ ᠢᠯᠭᠠᠷᠠᠭᠤᠯᠤᠨ᠂ ᠵᠦᠢ ᠪᠤᠰᠤ | ᠬᠢᠵᠠᠭᠠᠷᠯᠠᠯ ᠢ ᠠᠷᠢᠯᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠢᠳᠡᠪᠬᠢᠵᠢᠯ ᠪᠦᠲᠦᠭᠡᠯᠴᠢ ᠴᠢᠨᠠᠷ ᠢ | ᠳᠠᠶᠢᠴᠢᠯᠠᠨ᠎ᠠ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠡᠷᠬᠡ ᠲᠡᠭᠰᠢ ᠥᠷᠢᠰᠦᠯᠳᠦᠭᠡᠨ ᠢ ᠬᠢᠨᠠᠨ | ᠪᠠᠶᠢᠴᠠᠭᠠᠬᠤ᠂ ᠭᠤᠷᠪᠠᠳᠠᠭᠴᠢ ᠲᠠᠯ᠎ᠠ ᠠᠴᠠ ᠦᠨᠡᠯᠡᠨ ᠵᠢᠱᠢᠬᠦ᠂ ᠠᠵᠤ ᠠᠬᠤᠶᠢᠯᠠᠯ ᠤᠨ ᠰᠠᠨᠠᠯ ᠢ ᠴᠤᠭᠯᠠᠭᠤᠯᠵᠤ | ᠬᠠᠷᠢᠭᠤ ᠲᠤᠰᠬᠠᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ | | | | ᠬᠤᠶᠠᠷ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ᠂ ᠪᠦᠷᠢᠳᠬᠡᠨ ᠳᠠᠩᠰᠠᠯᠠᠬᠤ ᠵᠡᠷᠭᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠪᠦᠭᠦ ᠲᠠᠯ᠎ᠠ ᠪᠠᠷ ᠡᠮᠬᠢᠯᠡᠵᠦ᠂ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠨᠳᠦᠰᠦᠯᠡᠯ ᠲᠣᠭᠲᠠᠭᠠᠭᠰᠠᠨ ᠦᠭᠡᠢ ᠤᠷᠢᠳᠠᠴᠢ | ᠨᠥᠬᠦᠴᠡᠯ ᠢ ᠬᠦᠴᠦᠨ ᠦᠭᠡᠢ ᠪᠤᠯᠭᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠭᠢ ︽ᠬᠠᠷᠢᠯᠴᠠᠨ ᠤᠷᠢᠳᠠᠴᠢ | ᠨᠥᠬᠦᠴᠡᠯ ᠪᠤᠯᠬᠤ︾ ᠬᠢᠨᠠᠨ ᠵᠥᠪᠰᠢᠶᠡᠷᠡᠬᠦ ᠨᠥᠬᠦᠴᠡᠯ ᠢ ᠢᠯᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ | ᠵᠦᠢᠯᠡᠰ ᠤᠨ ᠨᠠᠷᠢᠨ ᠳᠠᠩᠰᠠ ᠶᠢ ᠡᠮᠬᠢᠯᠡᠨ ᠳᠢᠭᠯᠡᠵᠦ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠦᠭᠡᠢ ᠵᠠᠭᠤᠴᠢ | ᠦᠢᠯᠡᠴᠢᠯᠡᠭᠡᠨ ᠤ ᠵᠦᠢᠯᠡᠰ ᠢ ᠪᠦᠭᠦ ᠲᠠᠯ᠎ᠠ ᠪᠠᠷ ᠢᠯᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ | ᠪᠦᠷᠢᠳᠬᠡᠨ ᠳᠠᠩᠰᠠᠯᠠᠬᠤ ᠵᠡᠷᠭᠡ ᠶᠢ ᠭᠦᠢᠴᠡᠳᠬᠡᠬᠦ ᠳᠤ ᠬᠡᠷᠡᠭᠰᠡᠬᠦ ᠵᠠᠭᠤᠴᠢ ᠦᠢᠯᠡᠴᠢᠯᠡᠭᠡᠨ ᠤ ᠮᠠᠲ᠋ᠧᠷᠢᠶᠠᠯ ᠢ | ᠪᠠᠭᠠᠰᠬᠠᠨ᠎ᠠ᠃ ᠠᠵᠢᠯ ᠲᠥᠷᠥᠯ ᠤᠨ ᠬᠦᠷᠢᠶᠡᠨ ᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ | ᠵᠢᠯᠤᠭᠤᠳᠬᠤ ᠪᠠᠨ ᠴᠢᠩᠭᠠᠳᠬᠠᠨ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠶᠢ ᠠᠬᠢᠭᠤᠯᠵᠤ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | | | ᠭᠤᠷᠪᠠ᠂ ︽ᠨᠢᠭᠡ ᠤᠴᠢᠷ ᠶᠠᠪᠤᠳᠠᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ︾ ᠶᠢ ᠠᠬᠢᠭᠤᠯᠤᠨ᠎ᠠ᠃ ᠠᠵᠤ | ᠠᠬᠤᠶᠢᠯᠠᠯ ᠢ ᠡᠷᠭᠢᠯᠡᠨ ᠪᠠᠶᠢᠭᠤᠯᠬᠤ ᠠᠴᠠ ᠠᠪᠤᠭᠠᠳ ᠠᠮᠢ ᠨᠠᠰᠤᠨ ᠤ ᠪᠦᠭᠦ ᠦᠶᠡᠯᠡᠯ ᠤᠨ ᠬᠤᠭᠤᠴᠠᠭ᠎ᠠ ᠶᠢ | ᠬᠦᠴᠦᠨ ᠦᠭᠡᠢ ᠪᠤᠯᠭᠠᠬᠤ ᠬᠦᠷᠲᠡᠯᠡᠬᠢ ᠴᠢᠬᠤᠯᠠ ᠭᠤᠭᠴᠤᠭ᠎ᠠ ᠶᠢᠨ ᠲᠣᠭᠤᠷᠢᠨ ᠳᠤ᠂ ᠮᠡᠳᠡᠭᠡ ᠵᠠᠩᠭᠢ ᠶᠢ | ᠬᠤᠪᠢᠷᠠᠭᠤᠯᠬᠤ᠂ ᠤᠰᠤ ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠲᠣᠣᠷ ᠢ ᠬᠠᠮᠲᠤᠷᠠᠨ ᠮᠡᠳᠡᠭᠦᠯᠦᠨ | ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠰᠲ᠋ᠣᠺ ᠢᠶᠠᠨ ᠵᠠᠬ᠎ᠠ ᠳᠤ ᠭᠠᠷᠭᠠᠭᠰᠠᠨ ᠬᠠᠤᠯᠢ ᠲᠣᠭᠲᠠᠭᠠᠯ ᠳᠤ ᠨᠡᠶᠢᠴᠡᠭᠰᠡᠨ | ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ | ᠬᠦᠴᠦᠨ ᠦᠭᠡᠢ ᠪᠤᠯᠭᠠᠬᠤ ᠶᠢ ᠳᠡᠩᠰᠡᠯᠡᠨ ᠲᠡᠮᠳᠡᠭᠯᠡᠬᠦ ᠵᠡᠷᠭᠡ ᠵᠦᠢᠯᠡᠰ ᠢ ᠰᠦᠯᠵᠢᠶᠡᠨ ᠳᠡᠭᠡᠷ᠎ᠡ ᠪᠠ ᠪᠣᠳᠠᠲᠤ | ᠴᠣᠭᠴᠠ ᠳᠤ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ ᠤᠴᠢᠷ ᠶᠠᠪᠤᠳᠠᠯ︾ ᠤᠨ | ᠥᠭᠡᠷᠡᠴᠢᠯᠡᠯᠲᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠢᠯ | ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠷ ᠶᠡᠭᠡ ᠰᠠᠯᠠᠭ᠎ᠠ ᠮᠥᠴᠢᠷ ᠠᠯᠤᠰᠯᠠᠭᠰᠠᠨ᠂ ᠲᠠᠰ | ᠱᠠᠲᠤ ᠠᠯᠤᠰᠯᠠᠭᠰᠠᠨ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ ᠨᠠᠷᠢᠨ ᠳᠠᠩᠰᠠ ᠶᠢ ᠵᠢᠯ ᠳᠠᠷᠠᠭᠠᠯᠠᠨ ᠪᠦᠯᠦᠭ ᠤᠳᠠᠭ᠎ᠠ ᠬᠤᠪᠢᠶᠠᠨ ᠨᠡᠶᠢᠲᠡᠯᠡᠨ᠎ᠡ᠃ | | | ᠳᠥᠷᠪᠡ᠂ ᠵᠠᠰᠠᠭ ᠤᠨ ᠶᠠᠪᠤᠳᠠᠯ ᠤᠨ ᠥᠷᠲᠡᠭ ᠨᠡᠮᠡᠭᠳᠡᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠪᠠᠶᠢᠭᠤᠯᠵᠤ᠂ ᠴᠣᠩᠬᠤᠪᠴᠢ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠳᠠᠭᠢᠨ ᠪᠤᠶ ᠪᠤᠯᠭᠠᠵᠤ᠂ ᠠᠵᠤ ᠠᠬᠤᠶᠢᠯᠠᠯ ᠳᠤ | ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠪᠦᠭᠦ ᠶᠠᠪᠤᠴᠠ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ | ᠵᠡᠷᠭᠡ ᠡᠭᠦᠰᠦᠮᠡᠯ ᠴᠢᠨᠠᠷᠲᠠᠢ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠨ᠎ᠠ᠃ ᠰᠦᠯᠵᠢᠶᠡᠨ ᠳᠡᠭᠡᠷᠡᠬᠢ ᠵᠠᠭᠤᠴᠢ | ᠦᠢᠯᠡᠴᠢᠯᠡᠭᠡᠨ ᠤ ᠬᠠᠮ ᠳᠡᠯᠭᠡᠭᠦᠷ ᠤᠨ ᠴᠢᠳᠠᠮᠵᠢ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢᠨ ᠬᠤᠷᠢᠭ᠎ᠠ᠂ ᠣᠷᠣᠨ | ᠪᠦᠰᠡ ᠶᠢᠨ ᠬᠢᠵᠠᠭᠠᠷᠯᠠᠯ᠂ ᠠᠵᠢᠯ ᠲᠥᠷᠥᠯ ᠤᠨ ᠬᠢᠵᠠᠭᠠᠷᠯᠠᠯ ᠢ ᠡᠪᠳᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠬᠢᠷᠢ ᠭᠡᠮ ᠢ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠢᠲᠡᠭᠡᠯ ᠬᠦᠨᠳᠦ ᠶᠢ | ᠲᠠᠨᠢᠯᠴᠠᠭᠤᠯᠬᠤ᠂ ᠬᠤᠳᠠᠯᠳᠤᠨ ᠠᠪᠬᠤ ᠳᠤ ᠦᠢᠯᠡᠴᠢᠯᠡᠬᠦ᠂ ᠰᠣᠩᠭᠤᠭᠳᠠᠭᠰᠠᠨ ᠢ ᠢᠯᠡ ᠨᠡᠶᠢᠲᠡᠯᠡᠬᠦ ᠵᠡᠷᠭᠡ | ᠦᠢᠯᠡᠴᠢᠯᠡᠭᠡ ᠬᠠᠩᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ | ᠦᠵᠡᠭᠦᠯᠭᠦ ᠬᠠᠯᠠᠮᠰᠢᠯ ᠤᠲᠠᠰᠤ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠰᠠᠭᠤᠳᠠᠯ ᠤᠨ ᠦᠢᠯᠡᠳᠦᠯ | ᠴᠢᠳᠠᠪᠬᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠦᠰᠡᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠦᠰᠡᠯ ᠱᠠᠭᠠᠷᠳᠠᠯᠭ᠎ᠠ ᠶᠢ ᠲᠥᠷᠥᠯ ᠬᠤᠪᠢᠶᠠᠨ | ᠰᠢᠢᠳᠪᠦᠷᠢᠯᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ᠂ ᠲᠤᠰᠬᠠᠢ ᠬᠥᠮᠥᠨ ᠢᠶᠠᠷ ᠱᠠᠯᠠᠪᠳᠠᠭᠤᠯᠤᠨ | ᠭᠦᠢᠴᠡᠳᠬᠡᠭᠦᠯᠬᠦ᠂ ᠲᠤᠰᠬᠠᠢ ᠬᠥᠮᠥᠨ ᠢᠶᠠᠷ ᠬᠠᠷᠢᠭᠤ ᠰᠤᠷᠪᠤᠯᠵᠢᠯᠠᠭᠤᠯᠬᠤ ᠪᠦᠷᠢᠨ ᠪᠢᠲᠡᠭᠦᠮᠵᠢᠯᠡᠭᠰᠡᠨ | ᠬᠠᠮᠢᠶᠠᠷᠤᠯᠲᠠ ᠶᠢ ᠪᠡᠶᠡᠯᠡᠭᠦᠯᠦᠨ᠎ᠡ᠃ | | | ᠲᠠᠪᠤ᠂ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠨ᠎ᠡ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠮᠵᠢᠲᠦ ᠪᠡᠯᠡ ᠬᠤᠷᠠᠮᠳᠤᠭᠤᠯᠬᠤ ᠲᠦᠭᠰᠢᠭᠦᠷᠢ ᠶᠢ | ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠢᠲᠡᠭᠡᠮᠵᠢᠲᠦ ᠪᠡᠯᠡ ᠬᠤᠷᠠᠮᠳᠤᠭᠤᠯᠬᠤ ᠲᠦᠭᠰᠢᠭᠦᠷᠢ ᠶᠢᠨ ᠬᠤᠪᠢᠶᠠᠷᠢᠯᠠᠨ ᠡᠭᠦᠷᠭᠡᠯᠡᠬᠦ ᠪᠡᠯᠡ | ᠮᠥᠩᠭᠦ ᠶᠢ 1 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠠᠶᠢᠭᠤᠯᠵᠤ᠂ ᠡᠯ᠎ᠡ ᠲᠥᠷᠥᠯ ᠤᠨ ᠪᠡᠯᠡ | ᠬᠤᠷᠠᠮᠳᠤᠭᠤᠯᠬᠤ ᠪᠡᠷᠢᠴᠠᠭᠠᠨ ᠤ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠲᠦᠭᠰᠢᠭᠦᠷᠢ | ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠤᠨ ᠡᠵᠡᠩᠨᠡᠯᠲᠡ ᠶᠢᠨ ᠪᠠᠭ᠎ᠠ ᠵᠢᠵᠢᠭ ᠠᠵᠤ | ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠬᠦᠯᠢᠴᠡᠬᠦ ᠲᠦᠪᠰᠢᠨ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ | ᠠᠷᠠᠳ ᠤᠨ ᠡᠵᠡᠩᠨᠡᠯᠲᠡ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠠᠩᠬᠠᠨ ᠤ ᠵᠢᠭᠡᠯᠡᠯᠭᠡ᠂ ᠢᠲᠡᠭᠡᠮᠵᠢᠲᠦ | ᠵᠢᠭᠡᠯᠡᠯᠭᠡ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠤᠨ ᠴᠢᠳᠠᠮᠵᠢ ᠶᠢ | ᠰᠢᠯᠢᠳᠡᠭᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠦᠢᠯᠡᠳᠦᠯ ᠴᠢᠳᠠᠪᠬᠢ ᠶᠢ | ᠳᠡᠭᠡᠭᠰᠢᠯᠡᠭᠦᠯᠦᠨ᠎ᠡ᠃ ᠴᠢᠳᠠᠮᠵᠢ ᠨᠢ ᠳᠠᠪᠬᠤᠷᠳᠠᠭᠰᠠᠨ ᠪᠤᠶᠤ ᠠᠵᠢᠯᠯᠠᠭᠠᠨ ᠤ ᠦᠷ᠎ᠡ ᠪᠦᠲᠦᠮᠵᠢ ᠪᠠᠷ ᠳᠣᠣᠷ᠎ᠠ ᠪᠡᠯᠡ | ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠡᠮᠬᠢᠯᠡᠨ ᠨᠡᠶᠢᠯᠡᠭᠦᠯᠵᠦ᠂ ᠥᠪᠥᠷ ᠮᠣᠩᠭᠤᠯ ᠤᠨ | ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ | ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠴᠣᠷ ᠤᠨ ᠭᠠᠭᠴᠠ ᠪᠡᠯᠡ ᠬᠤᠷᠠᠮᠳᠤᠭᠤᠯᠬᠤ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠡᠵᠡᠩᠨᠡᠬᠦ ᠭᠤᠣᠯ ᠴᠣᠭᠴᠠ ᠶᠢᠨ | ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠢᠲᠡᠭᠡᠮᠵᠢᠲᠦ ᠪᠡᠯᠡ ᠬᠤᠷᠠᠮᠳᠤᠭᠤᠯᠬᠤ | ᠦᠢᠯᠡᠳᠬᠦᠨ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠤ | ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠬᠢᠭᠡᠳ ᠪᠡᠯᠡ ᠬᠤᠷᠠᠮᠳᠤᠭᠤᠯᠬᠤ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ ᠶᠢ ᠠᠬᠢᠭᠤᠯᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠡᠵᠡᠩᠨᠡᠯᠲᠡ ᠶᠢᠨ ᠡᠵᠡᠩᠨᠡᠬᠦ ᠭᠤᠣᠯ ᠴᠣᠭᠴᠠ ᠳᠤ | ᠢᠲᠡᠭᠡᠮᠵᠢᠲᠦ ᠵᠢᠭᠡᠯᠡᠯᠭᠡ ᠲᠠᠯᠪᠢᠬᠤ ᠳᠤ ᠲᠤᠶᠢᠯ ᠤᠨ ᠣᠨᠣᠪᠴᠢᠯᠠᠭᠰᠠᠨ᠂ ᠲᠣᠬᠲᠠᠭᠠᠯᠵᠢᠭᠤᠯᠤᠬᠰᠠᠨ ᠢᠲᠡᠭᠡᠮᠵᠢ ᠶᠢᠨ | ᠦᠢᠯᠡᠴᠢᠯᠡᠭᠡ ᠬᠠᠩᠭᠠᠨ᠎ᠠ᠃ | | | ᠵᠢᠷᠭᠤᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠵᠢᠷᠤᠮᠵᠢᠭᠤᠯᠤᠨ ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠪᠤᠶᠤ ᠭᠦᠢᠴᠡᠳ | ᠪᠡᠶᠡᠯᠡᠭᠦᠯᠦᠭᠰᠡᠨ ᠦᠭᠡᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠵᠦ᠂ ᠭᠥᠯᠢᠶᠡᠨ ᠠᠪᠴᠤ | ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠨ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠲᠦᠷᠭᠡᠳᠬᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠵᠣᠬᠢᠶᠠᠨ ᠪᠠᠶᠢᠭᠤᠯᠵᠤ ᠠᠮᠠᠯᠠᠭᠰᠠᠨ ᠲᠥᠷᠥ ᠶᠢᠨ ᠪᠣᠳᠣᠯᠭ᠎ᠠ᠂ ᠲᠣᠬᠢᠷᠠᠯᠴᠠᠭᠰᠠᠨ ᠬᠡᠯᠡᠯᠴᠡᠭᠡᠷ ᠲᠤ ᠪᠡᠶᠡᠯᠡᠭᠦᠯᠬᠦ ᠴᠠᠭ | ᠬᠤᠭᠤᠴᠠᠭ᠎ᠠ ᠶᠢ ᠨᠢᠭᠡᠳ ᠨᠢᠭᠡ ᠪᠠᠷ ᠲᠣᠬᠲᠠᠭᠠᠨ᠎ᠠ; ᠬᠠᠤᠯᠢ ᠲᠣᠭᠲᠠᠭᠠᠯ ᠠᠴᠠ ᠵᠥᠷᠢᠴᠡᠭᠰᠡᠨ ᠠᠮᠠᠯᠠᠯᠲᠠ ᠵᠢᠴᠢ | ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠠᠮᠠᠯᠠᠯᠲᠠ ᠪᠠᠨ ᠪᠡᠶᠡᠯᠡᠭᠦᠯᠬᠦ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ | ᠨᠥᠬᠦᠪᠦᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠵᠦᠢ ᠵᠣᠬᠢᠰᠲᠠᠢ ᠲᠣᠭᠲᠠᠭᠠᠨ᠎ᠠ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠡᠶᠡᠯᠡᠭᠦᠯᠦᠭᠰᠡᠨ ᠢ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ | ᠬᠠᠤᠯᠢ ᠲᠣᠭᠲᠠᠭᠠᠯ ᠢ ᠵᠥᠷᠢᠴᠡᠭᠰᠡᠨ ᠠᠮᠠᠯᠠᠯᠲᠠ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ ᠴᠢᠩᠭ᠎ᠠ | ᠰᠢᠢᠳᠪᠦᠷᠢᠯᠡᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ | ᠬᠡᠯᠡᠯᠴᠡᠭᠡᠷ ᠢᠯᠠᠩᠭᠤᠶ᠎ᠠ ︽ᠨᠢᠭᠡ ᠶᠠᠪᠤᠳᠠᠯ ᠢ ᠨᠢᠭᠡ ᠵᠥᠪᠯᠡᠬᠦ︾ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠨᠥᠬᠦᠪᠦᠷᠢ᠂ ᠭᠠᠶᠢᠯᠢ | ᠰᠦᠢᠳᠬᠡᠯ ᠢ ᠬᠠᠰᠤᠵᠤ ᠬᠡᠯᠲᠦᠷᠢᠭᠦᠯᠬᠦ᠂ ᠭᠠᠵᠠᠷ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠨ | ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠢᠴᠢ ᠡᠬᠢ ᠪᠠᠶᠠᠯᠢᠭ ᠣᠷᠴᠢᠨ ᠲᠣᠭᠤᠷᠢᠨ ᠤ ᠳᠦᠷᠢᠮ ᠪᠣᠯᠣᠨ | ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠥᠷᠢ ᠲᠠᠯᠪᠢᠵᠤ | ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠬᠢᠨᠠᠨ | ᠪᠠᠶᠢᠴᠠᠭᠠᠵᠤ᠂ ᠪᠣᠳᠠᠲᠤ ᠪᠠᠶᠢᠳᠠᠯ ᠳᠤ ᠨᠡᠶᠢᠴᠡᠬᠦ ᠦᠭᠡᠢ᠂ ᠣᠷᠣᠨ ᠨᠤᠲᠤᠭ ᠤᠨ ᠴᠢᠳᠠᠪᠤᠷᠢ ᠠᠴᠠ ᠳᠠᠪᠠᠭᠰᠠᠨ | ᠠᠮᠠᠯᠠᠯᠲᠠ ᠬᠢᠬᠦ ᠶᠢ ᠰᠡᠷᠭᠡᠶᠢᠯᠡᠨ᠎ᠡ᠃ | | | ᠳᠣᠯᠤᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠪᠴᠠᠭᠠᠨ ᠤ | ᠵᠣᠭᠤᠰ ᠢ ᠪᠦᠭᠦ ᠲᠠᠯ᠎ᠠ ᠪᠠᠷ ᠢᠯᠭᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠳᠤ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠰᠢᠢᠳᠪᠦᠷᠢᠯᠡᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠵᠥᠷᠢᠯᠳᠦᠭᠡᠨ ᠦᠭᠡᠢ ᠠᠪᠴᠠᠭᠠᠨ ᠤ | ᠵᠣᠭᠤᠰ ᠢ ᠬᠥᠳᠡᠯᠦᠩᠭᠦᠢ ᠪᠠᠷ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ᠂ ᠦᠯᠡᠳᠡᠭᠡᠯ ᠵᠥᠷᠢᠯᠳᠦᠭᠡᠨ ᠲᠠᠢ | ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠰᠢᠢᠳᠪᠦᠷᠢᠯᠡᠬᠦ ᠠᠵᠢᠯ ᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠵᠦ᠂ | ᠰᠢᠨ᠎ᠡ ᠪᠠᠷ ᠢᠯᠡᠷᠡᠭᠦᠯᠦᠭᠰᠡᠨ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠬᠥᠳᠡᠯᠦᠩᠭᠦᠢ ᠪᠠᠷ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠎ᠠ᠃ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠢᠯᠭᠠᠷᠠᠭᠤᠯᠬᠤ ᠠᠵᠢᠯ ᠢ ᠬᠢᠨᠠᠨ | ᠪᠤᠳᠤᠬᠤ᠂ ᠱᠠᠯᠠᠪᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠵᠡᠷᠭᠡ ᠯᠦᠭᠡ ᠪᠠᠶᠢᠩᠭᠤ | ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠥᠯᠥᠬᠦ | ᠬᠠᠷᠢᠭᠤᠴᠠᠯᠭ᠎ᠠ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠡᠷᠬᠡ ᠲᠡᠭᠰᠢ ᠪᠠᠷ ᠵᠥᠪᠳᠡᠯᠴᠡᠬᠦ᠂ ᠬᠥᠨᠳᠡᠯᠡᠨ ᠠᠴᠠ | ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠪᠴᠠᠭᠠᠨ ᠤ ᠵᠣᠭᠤᠰ ᠤᠨ ᠵᠥᠷᠢᠯᠳᠦᠭᠡᠨ ᠢ | ᠰᠢᠢᠳᠪᠦᠷᠢᠯᠡᠵᠦ᠂ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠨᠢᠭᠡᠳᠦᠯᠲᠡᠢ | ᠲᠥᠯᠥᠪᠵᠢᠭᠦᠯᠵᠦ᠂ ᠬᠤᠭᠤᠴᠠᠭ᠎ᠠ ᠬᠢᠵᠠᠭᠠᠷᠯᠠᠨ ᠲᠥᠯᠥᠵᠦ ᠳᠠᠭᠤᠰᠬᠠᠨ᠎ᠠ᠃ ᠬᠠᠤᠯᠢ ᠴᠠᠭᠠᠵᠠ ᠶᠢᠨ ᠲᠡᠰ ᠳᠠᠷᠠᠭᠠᠯᠠᠯ | ᠢᠶᠠᠷ ᠥᠷᠢ ᠰᠢᠷᠢ ᠶᠢ ᠢᠯᠭᠠᠷᠠᠭᠤᠯᠤᠨ ᠲᠢᠭᠯᠡᠭᠦ ᠠᠰᠠᠭᠤᠳᠠᠯ ᠢ ᠰᠢᠢᠳᠪᠦᠷᠢᠯᠡᠬᠦ ᠦᠶ᠎ᠡ ᠳᠤ᠂ ᠬᠡᠷᠡᠭ ᠪᠠᠶᠢᠭᠠᠳ | ᠳᠠᠩᠰᠠᠯᠠᠬᠤ ᠦᠭᠡᠢ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ᠂ ᠬᠤᠭᠤᠴᠠᠭ᠎ᠠ ᠠᠴᠠ ᠬᠡᠲᠦᠷᠡᠭᠦᠯᠦᠨ ᠰᠢᠢᠳᠪᠦᠷᠢᠯᠡᠵᠦ | ᠪᠤᠯᠬᠤ ᠦᠭᠡᠢ᠂ ᠲᠠᠰᠤᠯᠤᠯᠲᠠ ᠬᠢᠭᠰᠡᠨ ᠤ ᠳᠠᠷᠠᠭ᠎ᠠ ᠮᠥᠨ ᠯᠡ ᠭᠦᠢᠴᠡᠳᠬᠡᠬᠦ ᠦᠭᠡᠢ ᠪᠠᠶᠢᠪᠠᠯ ᠬᠠᠤᠯᠢ ᠶᠣᠰᠣᠭᠠᠷ | ᠠᠯᠪᠠᠳᠠᠨ ᠭᠦᠢᠴᠡᠳᠬᠡᠭᠦᠯᠬᠦ ᠬᠡᠷᠡᠭᠲᠡᠢ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯᠲᠦ | ᠠᠵᠤ ᠠᠬᠤᠶᠢᠯᠠᠯ ᠨᠢ ᠳᠣᠲᠣᠭᠠᠳᠤ ᠶᠢᠨ ᠠᠵᠢᠯᠲᠠᠨ ᠢᠶᠠᠨ ᠬᠤᠪᠢᠷᠠᠭᠤᠯᠬᠤ᠂ ᠳᠣᠲᠣᠭᠠᠳᠤ ᠳᠠᠭᠠᠨ ᠵᠣᠭᠤᠰ ᠥᠭᠬᠦ | ᠴᠤᠪᠤᠷᠠᠯ ᠢ ᠭᠦᠢᠴᠡᠳᠬᠡᠬᠦ ᠪᠤᠶᠤ ᠭᠡᠷ᠎ᠡ ᠳᠤ ᠪᠣᠯᠵᠣᠨ ᠲᠣᠭᠲᠠᠭᠰᠠᠨ ᠦᠭᠡᠢ ᠪᠠᠶᠢᠳᠠᠯ ᠳᠣᠣᠷ᠎ᠠ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ ᠲᠥᠰᠥᠪ ᠤᠨ ᠭᠦᠢᠴᠡᠳᠬᠡᠯ ᠢ ᠬᠢᠨᠠᠨ ᠪᠤᠳᠤᠬᠤ ᠶᠢ | ᠬᠦᠯᠢᠶᠡᠬᠦ ᠵᠡᠷᠭᠡ ᠪᠠᠷ ᠰᠢᠯᠲᠠᠭ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠭᠠᠴᠠᠭ᠎ᠠ | ᠬᠢᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠪᠤᠯᠬᠤ ᠦᠭᠡᠢ᠃ | | | ᠨᠠᠢᠮᠠ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠨ ᠲᠠᠰᠤᠯᠬᠤ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠨ ᠠᠬᠢᠭᠤᠯᠤᠭᠰᠠᠨ ᠬᠡᠷᠡᠭ ᠲᠤ ᠬᠤᠯᠪᠣᠭᠳᠠᠭᠰᠠᠨ ᠠᠵᠤ | ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ | ᠨᠥᠬᠦᠴᠡᠯ ᠳᠤ ᠨᠡᠶᠢᠴᠡᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠤᠭᠤᠳᠴᠤ ᠪᠠᠶᠢᠭᠠᠳ | ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠦᠨ᠎ᠡ᠃ ᠲᠠᠩᠨᠡᠨ ᠪᠠᠶᠢᠴᠠᠭᠠᠵᠤ ᠬᠡᠷᠡᠭ | ᠰᠢᠢᠳᠪᠦᠷᠢᠯᠡᠬᠦ ᠠᠵᠢᠯ ᠤᠨ ᠳᠤᠮᠳᠠ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠭᠦ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠪᠣᠯᠭᠤᠮᠵᠢᠲᠠᠢ ᠬᠡᠷᠡᠭᠯᠡᠵᠦ᠂ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠭᠦ ᠳᠤ | ᠲᠣᠬᠢᠷᠠᠮᠵᠢ ᠦᠭᠡᠢ ᠡᠵᠡᠩᠨᠡᠯᠲᠡ ᠶᠢᠨ ᠴᠢᠨᠠᠷᠲᠠᠢ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠢ | ᠲᠠᠩᠨᠡᠨ ᠪᠠᠶᠢᠴᠠᠭᠠᠬᠤ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠪᠠᠲᠤᠯᠠᠬᠤ ᠶᠢᠨ ᠬᠠᠮᠲᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠦᠷᠭᠦᠯᠵᠢᠯᠡᠨ ᠵᠣᠬᠢᠰᠲᠠᠢ ᠬᠡᠷᠡᠭᠯᠡᠬᠦ ᠶᠢ ᠵᠥᠪᠰᠢᠶᠡᠷᠡᠵᠦ᠂ ᠠᠵᠤ | ᠠᠬᠤᠶᠢᠯᠠᠯ ᠤᠨ ᠲᠣᠭᠲᠠᠭᠤᠨ ᠢᠶᠠᠷ ᠦᠷᠭᠦᠯᠵᠢᠯᠡᠨ ᠡᠵᠡᠩᠨᠡᠬᠦ ᠶᠢ ᠪᠠᠲᠤᠯᠠᠨ᠎ᠠ᠃ | | | ᠶᠢᠰᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠎ᠠ᠃ ᠤᠶᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠡᠯ᠎ᠡ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠥᠯᠥ | ᠰᠢᠢᠳᠬᠡᠬᠦ᠂ ᠬᠥᠩᠭᠡᠷᠡᠭᠦᠯᠦᠨ ᠬᠥᠩᠭᠡᠨ ᠢᠶᠠᠷ ᠰᠢᠢᠳᠬᠡᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠥᠯᠥ ᠬᠡᠷᠡᠭᠵᠢᠭᠦᠯᠬᠦ ᠵᠡᠷᠭᠡ ᠵᠦᠢᠯᠡᠰ ᠤᠨ ᠨᠠᠷᠢᠨ ᠲᠠᠩᠰᠠ ᠶᠢ ᠬᠠᠤᠯᠢ ᠶᠣᠰᠣᠭᠠᠷ ᠪᠠᠶᠢᠭᠤᠯᠬᠤ ᠶᠢᠨ ᠬᠠᠮᠲᠤ ᠢᠯᠡ | ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠦᠭᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠭᠲᠠᠭᠠᠯ ᠠᠴᠠ | ᠵᠥᠷᠢᠴᠡᠭᠰᠡᠨ᠂ ᠵᠦᠢ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ ᠵᠠᠯᠠᠷᠠᠭᠤᠯᠤᠨ᠎ᠠ᠃ | | | ᠠᠷᠪᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠣᠨᠳᠣᠣ ᠭᠠᠵᠠᠷ ᠪᠡᠯᠡ ᠣᠷᠣᠭᠤᠯᠤᠨ ᠡᠵᠡᠩᠨᠡᠵᠦ ᠬᠠᠮᠵᠢᠯᠴᠠᠬᠤ ᠲᠣᠭᠲᠠᠴᠠ ᠶᠢ | ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠰᠢᠭᠤ ᠰᠢᠶᠠᠨ ᠠᠯᠤᠰᠯᠠᠭᠰᠠᠨ᠂ ᠠᠶᠢᠮᠠᠭ | ᠬᠤᠲᠠ ᠠᠯᠤᠰᠯᠠᠭᠰᠠᠨ᠂ ᠮᠤᠵᠢ ᠣᠷᠣᠨ ᠠᠯᠤᠰᠯᠠᠭᠰᠠᠨ ᠪᠡᠯᠡ ᠣᠷᠣᠭᠤᠯᠤᠨ ᠡᠵᠡᠩᠨᠡᠬᠦ ᠳᠤᠮᠳᠠ ᠲᠤᠯᠭᠠᠷᠠᠭᠰᠠᠨ | ᠭᠤᠤᠯᠴᠢ ᠪᠤᠰᠤ ᠪᠠᠷ ᠬᠠᠨᠳᠤᠬᠳᠠᠬᠰᠠᠨ ᠵᠡᠷᠭᠡ ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ | ᠲᠥᠷᠥᠯ ᠢᠶᠠᠷ ᠢᠶᠠᠨ ᠵᠣᠬᠢᠴᠠᠯᠳᠤᠬᠤ ᠵᠠᠷᠴᠢᠮ ᠶᠣᠰᠣᠭᠠᠷ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠨ᠎ᠡ᠃ | ᠲᠣᠮᠢᠯᠠᠭᠰᠠᠨ ᠨᠢᠭᠡᠴᠢ᠂ ᠭᠤᠣᠯᠯᠠᠨ ᠬᠠᠮᠢᠶᠠᠷᠬᠤ ︵ᠬᠢᠨᠠᠨ ᠬᠠᠮᠢᠶᠠᠷᠬᠤ︶ ᠰᠠᠯᠠᠭ᠎ᠠ ᠮᠥᠴᠢᠷ ᠤᠳ ᠮᠠᠨ ᠤ ᠣᠷᠣᠨ ᠤ | ᠬᠢᠯᠢ ᠶᠢᠨ ᠭᠠᠳᠠᠨᠠᠬᠢ ᠠᠵᠤ ᠠᠬᠤᠶᠢᠯᠠᠯ ᠪᠣᠯᠣᠨ ᠲᠥᠷᠥᠯ ᠵᠦᠢᠯ ᠳᠤ ᠠᠮᠤᠷ ᠲᠦᠪᠰᠢᠨ ᠤ ᠪᠣᠯᠪᠠᠰᠤᠷᠠᠯ | ᠥᠷᠨᠢᠭᠦᠯᠬᠦ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | | | ᠠᠷᠪᠠᠨ ᠨᠢᠭᠡ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠡᠮᠬᠢ ᠵᠢᠷᠤᠮ ᠢ ᠮᠠᠭᠤ ᠰᠠᠨᠠᠭ᠎ᠠ ᠲᠠᠢ ᠪᠠᠷ | ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠮᠥᠩᠭᠦᠨ ᠭᠦᠢᠯᠭᠡᠭᠡ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠬᠠᠤᠯᠢ ᠪᠤᠰᠤ ᠥᠨᠳᠥᠷ ᠬᠦᠦ ᠲᠠᠢ ᠵᠢᠭᠡᠯᠡᠯᠭᠡ ᠲᠠᠯᠪᠢᠬᠤ᠂ ᠮᠠᠭᠤ ᠰᠠᠨᠠᠭ᠎ᠠ ᠲᠠᠢ ᠪᠠᠷ ᠠᠵᠢᠯ ᠰᠠᠭᠠᠲᠠᠬᠤ᠂ | ᠠᠵᠤ ᠠᠬᠤᠶᠢᠯᠠᠯ ᠤᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠵᠡᠷᠭᠡ ᠬᠠᠷ᠎ᠠ ᠪᠦᠯᠦᠭᠲᠡᠨ ᠬᠠᠷᠭᠢᠰ | ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠣᠳᠠᠲᠤ ᠬᠡᠷᠡᠭ ᠢ ᠭᠠᠵᠢᠭᠤᠳᠠᠭᠤᠯᠬᠤ᠂ | ᠭᠦᠳᠬᠡᠨ ᠵᠠᠭᠠᠯᠳᠤᠵᠤ ᠬᠤᠣᠷᠯᠠᠬᠤ᠂ ᠮᠠᠭᠤ ᠰᠠᠨᠠᠭ᠎ᠠ ᠲᠠᠢ ᠪᠠᠷ ᠵᠠᠬᠢᠳᠠᠯ ᠰᠤᠷᠪᠤᠯᠵᠢᠯᠠᠯ ᠬᠢᠬᠦ ᠵᠡᠷᠭᠡ ᠠᠷᠭ᠎ᠠ | ᠮᠠᠶ᠋ᠢᠭ ᠢᠶᠠᠷ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠪᠳᠡᠬᠦ᠂ ᠵᠠᠰᠠᠭ ᠠᠵᠤ ᠠᠬᠤᠶᠢᠯᠠᠯ ᠤᠨ ᠠᠵᠢᠯ ᠤᠨ ᠡᠮᠬᠢ | ᠳᠢᠭᠯᠢᠮ ᠢ ᠰᠠᠮᠠᠭᠤᠷᠠᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠤ | ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠶᠢ | ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ | | | ᠠᠷᠪᠠᠨ ᠬᠤᠶᠠᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤᠮᠳᠠᠬᠢ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ ᠲᠥᠷᠥᠯ ᠤᠨ ᠰᠤᠳᠤᠯᠭᠠᠨ ᠤ ᠪᠠᠶᠢᠭᠤᠯᠤᠮᠵᠢ ᠯᠤᠭ᠎ᠠ ᠬᠤᠯᠪᠤᠭᠠᠯᠠᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ︽ᠲᠤᠩᠬᠠᠭ ᠨᠡᠶᠢᠲᠡᠯᠡᠨ ᠮᠠᠩᠯᠠᠶᠢᠯᠠᠭᠴᠢ | ᠡᠯᠰᠡᠬᠦ︾ ᠵᠡᠷᠭᠡ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ | ᠢᠨᠵᠧᠨᠧᠷᠢᠩ ᠤᠨ ᠭᠤᠣᠯᠳᠠᠯᠭ᠎ᠠ ᠲᠠᠢ ᠲᠥᠷᠥᠯ ᠵᠦᠢᠯ᠂ ᠲᠤᠰᠬᠠᠢ ᠲᠥᠯᠥᠪᠯᠡᠭᠡ ᠵᠢᠴᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠳᠤ ᠣᠷᠤᠯᠴᠠᠬᠤ ᠶᠢ | ᠳᠡᠮᠵᠢᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠢᠱᠢᠶ᠎ᠡ ᠦᠵᠡᠭᠦᠯᠭᠦ ᠢᠨᠵᠧᠨᠧᠷᠢᠩ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢ ᠲᠦᠷᠦᠭᠦᠯᠡᠨ | ᠬᠡᠷᠡᠭᠵᠢᠭᠦᠯᠬᠦ ᠶᠢ ᠵᠣᠷᠢᠭᠵᠢᠭᠤᠯᠵᠤ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠵᠢᠴᠢ ᠠᠩᠬᠠᠨ ᠤ ᠢᠵᠢ | ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠦᠷ᠎ᠡ ᠪᠦᠲᠦᠭᠡᠯ ᠢ ᠤᠯᠠᠷᠢᠭᠤᠯᠬᠤ ᠵᠢᠱᠢᠶ᠎ᠡ ᠦᠵᠡᠭᠦᠯᠭᠦ ᠰᠠᠭᠤᠷᠢᠨ ᠵᠡᠷᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠠᠭᠤᠷᠢᠨ ᠪᠠᠶᠢᠭᠤᠯᠬᠤ ᠶᠢ ᠳᠡᠮᠵᠢᠨ᠎ᠡ᠃ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠤᠶᠠᠨ ᠬᠠᠳᠠᠨ ᠨᠡᠮᠡᠭᠳᠡᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ | ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ | ᠵᠠᠩᠭᠢᠯᠠᠭ᠎ᠠ ᠶᠢᠨ ᠠᠵᠢᠯ ᠲᠥᠷᠥᠯ ᠤᠨ ᠠᠷᠠᠳ ᠤᠨ ᠡᠵᠡᠩᠨᠡᠯᠲᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ᠂ ᠲᠤᠰᠬᠠᠢ ᠨᠠᠷᠢᠯᠢᠭ | ᠣᠨᠴᠠᠭᠠᠢ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠪᠣᠯᠣᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠳᠤᠮᠳᠠ | ᠪᠠᠭ᠎ᠠ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠢ ᠶᠡᠭᠡ ᠪᠠᠷ ᠪᠣᠶᠢᠵᠢᠭᠤᠯᠤᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠬᠦ᠂ ᠬᠤᠪᠣᠷ | ᠰᠢᠷᠣᠢ᠂ ᠰᠦ ᠶᠢᠨ ᠦᠢᠯᠡᠰ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | | | | ᠠᠷᠪᠠᠨ ᠭᠤᠷᠪᠠ᠂ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ | ᠲᠦᠷᠭᠡᠳᠬᠡᠨ ᠠᠬᠢᠭᠤᠯᠤᠨ᠎ᠠ᠃ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ | ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶ᠎ᠡ ᠶᠢᠨ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ | ᠲᠤᠰᠬᠠᠢ ᠠᠵᠢᠯ ᠢ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠮᠣ ᠬᠡᠪᠴᠢᠶᠡᠨ ᠤ | ᠲᠤᠨᠤᠭ ᠲᠥᠬᠦᠭᠡᠷᠦᠮᠵᠢ ᠶᠢ ᠰᠢᠨᠡᠳᠬᠡᠨ ︽ᠭᠡᠷ ᠲᠤᠨᠢ ᠬᠦᠷᠴᠦ ᠦᠢᠯᠡᠴᠢᠯᠡᠬᠦ︾ ᠶᠢ ᠬᠡᠷᠡᠭᠵᠢᠭᠦᠯᠦᠨ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠪᠠᠭᠠᠰᠬᠠᠬᠤ᠂ ᠭᠡᠲᠦ ᠪᠠᠭ᠎ᠠ ᠭᠠᠳᠠᠭᠰᠢᠯᠠᠭᠤᠯᠬᠤ᠂ ᠠᠶᠤᠯᠭᠦᠢ ᠦᠢᠯᠡᠳᠪᠦᠷᠢᠯᠡᠯ᠂ ᠲᠣᠭᠠᠴᠢᠯᠠᠯᠳᠠ ᠲᠡᠶᠢᠰᠢ ᠭᠡᠯᠪᠡᠷᠢ ᠪᠠᠨ | ᠬᠤᠪᠢᠷᠠᠭᠤᠯᠬᠤ᠂ ᠣᠶᠤᠨᠴᠢᠯᠠᠯᠲᠠ ᠲᠡᠶᠢᠰᠢ ᠲᠠᠰ ᠳᠡᠪᠰᠢᠭᠦᠯᠬᠦ ᠵᠡᠷᠭᠡ ᠲᠠᠯ᠎ᠠ ᠪᠠᠷ ᠬᠢ ᠦᠢᠯᠡᠳᠪᠦᠷᠢᠯᠡᠯ ᠤᠨ ᠤᠷ᠎ᠠ | ᠮᠡᠷᠭᠡᠰᠢᠯ ᠢᠶᠠᠨ ᠰᠠᠶᠢᠵᠢᠷᠠᠭᠤᠯᠬᠤ᠂ ᠦᠢᠯᠡᠳᠪᠦᠷᠢᠯᠡᠯ ᠤᠨ ᠲᠦᠪᠰᠢᠨ ᠢᠶᠠᠨ ᠳᠡᠭᠡᠭᠰᠢᠯᠡᠭᠦᠯᠭᠦ ᠶᠢ ᠠᠬᠢᠭᠤᠯᠤᠨ᠎ᠠ᠃ | | | ᠠᠷᠪᠠᠨ ᠳᠥᠷᠪᠡ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ | ᠪᠣᠰᠬᠠᠬᠤ ᠶᠢ ᠬᠦᠨᠳᠦᠳᠬᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠨ᠎ᠠ᠃ ᠡᠷᠬᠡ ᠲᠡᠭᠰᠢ ᠪᠠᠷ | ᠥᠷᠢᠰᠦᠯᠳᠦᠬᠦ ᠳᠦᠷᠢᠮ ᠤᠨ ᠪᠣᠷᠣ ᠲᠥᠯᠥᠪ ᠪᠣᠯᠣᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ | ᠬᠠᠨᠳᠤᠬᠤ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ | ᠠᠬᠤᠶᠢᠯᠠᠯ ᠤᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠬᠡᠷᠡᠭᠯᠡᠬᠦ᠂ | ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ | ᠠᠳᠠᠯᠢ ᠪᠠᠷ ᠭᠦᠷᠲᠡᠭᠦ ᠶᠢ ᠪᠠᠲᠤᠯᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠢᠳᠡᠭ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠰᠢᠯᠢᠳᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ | ᠰᠢᠯᠭᠠᠷᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠥᠬᠦᠴᠡᠯ ᠳᠤ ᠨᠡᠶᠢᠴᠡᠬᠦ | ᠰᠢᠯᠢᠳᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠨᠠᠮ ᠤᠨ ᠲᠥᠯᠥᠭᠡᠯᠡᠭᠴᠢ ᠶᠢᠨ ᠵᠢᠱᠢᠭᠳᠡᠭᠴᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠤ ᠵᠢᠱᠢᠭᠳᠡᠭᠴᠢ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ | ᠬᠠᠪᠰᠤᠷᠭᠠᠭᠰᠠᠨ ᠺᠠᠳ᠋ᠷ᠂ ᠵᠠᠰᠠᠭ ᠤᠨ ᠣᠷᠳᠣᠨ ᠤ ᠵᠥᠪᠯᠡᠭᠴᠢ ︵ᠲᠤᠰᠬᠠᠢ ᠮᠡᠷᠭᠡᠵᠢᠯᠲᠡᠨ︶ ᠪᠠᠷ ᠲᠠᠨᠢᠯᠴᠠᠭᠤᠯᠤᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ | ᠬᠠᠷᠢᠭᠤᠴᠠᠯᠭ᠎ᠠ ᠶᠢ ᠢᠳᠡᠪᠬᠢᠲᠡᠢ ᠪᠠᠷ ᠡᠭᠦᠷᠭᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ | ᠪᠣᠬᠢᠷᠳᠤᠯ ᠢ ᠰᠡᠷᠭᠡᠶᠢᠯᠡᠨ ᠵᠠᠰᠠᠬᠤ᠂ ᠪᠣᠬᠢᠷᠳᠤᠯ ᠦᠭᠡᠢ ᠬᠥᠭᠵᠢᠭᠦᠯᠬᠦ ᠵᠡᠷᠭᠡ ᠨᠡᠶᠢᠲᠡ ᠶᠢᠨ ᠠᠰᠠᠷᠠᠮᠵᠢ ᠶᠢᠨ | ᠦᠢᠯᠡᠰ ᠲᠤ ᠢᠳᠡᠪᠬᠢᠲᠡᠢ ᠣᠷᠣᠯᠴᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠢ | ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠰᠢᠯᠢᠳᠡᠭ | ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠥᠭᠵᠢᠯᠲᠡ ᠶᠢᠨ ᠠᠮᠵᠢᠯᠲᠠ ᠪᠦᠲᠦᠮᠵᠢ᠂ | ᠲᠡᠷᠢᠭᠦᠨ ᠤ ᠦᠶᠯᠡ ᠠᠵᠢᠯᠯᠠᠭ᠎ᠠ ᠪᠠ ᠨᠡᠶᠢᠭᠡᠮ ᠤᠨ ᠬᠤᠪᠢ ᠨᠡᠮᠡᠷᠢ ᠶᠢ ᠶᠡᠭᠡ ᠪᠠᠷ ᠤᠬᠠᠭᠤᠯᠵᠤ᠂ ᠠᠷᠠᠳ ᠤᠨ | ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯᠲᠠᠨ ᠤ ᠡᠪᠡᠳᠴᠢᠨ ᠦᠵᠡᠭᠦᠯᠭᠦ᠂ ᠦᠷ᠎ᠡ ᠬᠡᠦᠬᠡᠳ ᠤᠨ ᠬᠢᠨᠢ ᠰᠤᠷᠭᠠᠨ | ᠬᠥᠮᠦᠵᠢᠯ᠂ ᠶᠠᠪᠤᠵᠤ ᠰᠠᠭᠤᠬᠤ ᠳᠤ ᠲᠥᠭᠦᠮ ᠦᠵᠡᠭᠦᠯᠭᠦ ᠵᠡᠷᠭᠡ ᠶᠣᠰᠣᠷᠬᠠᠭ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ | ᠪᠤᠯᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠪᠢᠷᠠᠭᠤᠯᠬᠤ ᠥᠪᠡᠷ ᠤᠨ | ᠥᠷᠲᠡᠭ ᠢ ᠪᠠᠭᠤᠷᠠᠭᠤᠯᠤᠨ᠎ᠠ᠃ | | | ᠠᠷᠪᠠᠨ ᠲᠠᠪᠤ᠂ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠵᠤ | ᠦᠢᠯᠡᠴᠢᠯᠡᠬᠦ ᠳᠦᠷᠢᠮ ᠢ ᠪᠦᠷᠢᠨᠰᠢᠭᠦᠯᠦᠨ᠎ᠡ᠃ ᠡᠯ᠎ᠡ ᠱᠠᠲᠤᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ ᠨᠡᠷᠡᠰ ᠢ ᠲᠣᠭᠲᠠᠭᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠤᠳᠤᠷᠢᠳᠬᠤ ᠺᠠᠳ᠋ᠷ ᠳᠠᠭᠠᠭᠠᠴᠢᠯᠠᠨ ᠬᠤᠯᠪᠣᠭᠠᠯᠠᠬᠤ᠂ | ᠲᠤᠰᠬᠠᠢ ᠬᠥᠮᠥᠨ ᠬᠠᠷᠢᠭᠤᠴᠠᠬᠤ ᠵᠡᠷᠭᠡ ᠶᠢ ᠬᠡᠷᠡᠭᠵᠢᠭᠦᠯᠦᠨ᠎ᠡ᠃ ᠵᠠᠰᠠᠭ ᠬᠤᠳᠠᠯᠳᠤᠭᠠᠨ ᠤ ᠬᠠᠷᠢᠯᠴᠠᠭᠠᠨ ᠤ ᠢᠳᠡᠪᠬᠢ | ᠲᠠᠯ᠎ᠠ᠂ ᠨᠠᠵᠠᠭᠠᠢ ᠲᠠᠯ᠎ᠠ ᠪᠠ ᠰᠠᠨᠠᠭᠠᠴᠢᠯᠠᠭ᠎ᠠ ᠶᠢᠨ ᠨᠠᠷᠢᠨ ᠳᠠᠩᠰᠠ ᠶᠢ ᠲᠣᠭᠲᠠᠭᠠᠨ᠎ᠠ᠃ ᠰᠠᠨᠠᠯ ᠰᠣᠨᠣᠰᠬᠤ᠂ ᠪᠢᠴᠢᠭ | ᠮᠠᠲ᠋ᠧᠷᠢᠶᠠᠯ ᠢ ᠤᠩᠰᠢᠨ ᠦᠵᠡᠬᠦ ᠠᠷᠭ᠎ᠠ ᠵᠠᠮ ᠢ ᠰᠢᠯᠤᠭᠤᠳᠬᠠᠬᠤ᠂ ᠬᠠᠮᠢᠶ᠎ᠠ ᠪᠦᠬᠦᠢ ᠬᠤᠷᠠᠯ ᠳᠤ ᠤᠷᠢᠨ | ᠣᠷᠣᠯᠴᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠳ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ | ᠳᠡᠮᠵᠢᠨ᠎ᠡ᠃ | | | ᠠᠷᠪᠠᠨ ᠵᠢᠷᠭᠤᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠣᠷᠣᠭᠤᠯᠵᠤ ᠢᠷᠡᠬᠦ ᠶᠢ ᠳᠡᠮᠵᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ | ᠣᠷᠣᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠣᠬᠢᠷᠠᠬᠤ ᠬᠡᠪᠴᠢᠶᠡᠨ ᠳᠤ ᠣᠷᠣᠭᠤᠯᠵᠤ᠂ ᠵᠠᠰᠠᠭ ᠤᠨ ᠣᠷᠳᠣᠨ ᠤ | ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠠᠷᠠᠭᠠᠯᠵᠠᠭᠰᠠᠨ ᠲᠥᠷᠥᠯ ᠢᠯᠭᠠᠯ ᠶᠣᠰᠣᠭᠠᠷ ᠰᠢᠨᠵᠢᠯᠡᠬᠦ | ᠤᠬᠠᠭᠠᠨ ᠤ ᠰᠤᠳᠤᠯᠭᠠᠨ ᠤ ᠳᠡᠮᠵᠢᠯᠭᠡ᠂ ᠬᠠᠷᠠᠭᠠᠯᠵᠠᠯ ᠤᠨ ᠪᠠᠲᠤᠯᠠᠭ᠎ᠠ᠂ ᠴᠢᠳᠠᠪᠤᠷᠢᠲᠠᠨ ᠤ ᠰᠢᠯᠵᠢᠯᠲᠡ ᠵᠡᠷᠭᠡ | ᠲᠠᠯ᠎ᠠ ᠪᠠᠷ ᠠᠳᠠᠯᠢ ᠲᠡᠭᠰᠢ ᠬᠠᠷᠠᠭᠠᠯᠵᠠᠯ ᠦᠵᠡᠭᠦᠯᠦᠨ᠎ᠡ᠃ | | | ᠠᠷᠪᠠᠨ ᠳᠣᠯᠤᠭ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠵᠦ | ᠲᠦᠷᠭᠡᠨ ᠡᠳ᠋ᠯᠡᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠳᠤ ᠰᠢᠭᠤᠳ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠ ᠲᠠᠶᠢᠯᠤᠮᠵᠢ | ᠬᠢᠵᠦ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠭᠦᠯᠬᠦ︾ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ᠂ 96888 | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠳᠤ | ᠲᠦᠰᠢᠭᠯᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠪᠠᠷ ᠬᠦᠷᠭᠡᠨ᠎ᠡ᠃ | ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠭᠠᠷᠴᠠᠭ ᠤᠨ ᠨᠠᠷᠢᠨ ᠲᠠᠩᠰᠠ ᠶᠢ | ᠪᠠᠶᠢᠭᠤᠯᠬᠤ ᠶᠢᠨ ᠬᠠᠮᠲᠤ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠵᠠᠭᠠᠯᠳᠤᠬᠤ ᠢᠯᠡᠴᠢᠯᠡᠨ ᠮᠡᠳᠡᠭᠦᠯᠬᠦ | ᠲᠣᠭᠲᠠᠴᠠ ᠶᠢ ᠪᠦᠷᠢᠨᠰᠢᠭᠦᠯᠦᠨ᠎ᠡ᠃ ᠨᠥᠬᠦᠴᠡᠯ ᠳᠤ ᠨᠡᠶᠢᠴᠡᠬᠦ ᠲᠥᠪ ᠠᠴᠠ ᠪᠠᠭᠤᠯᠭᠠᠭᠰᠠᠨ ᠪᠠ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠲᠥᠰᠥᠪ ᠲᠤ ᠲᠣᠬᠢᠷᠠᠭᠤᠯᠤᠭᠰᠠᠨ ᠬᠡᠰᠡᠭ ᠠᠴᠠ ᠳᠣᠷᠣᠭᠰᠢ ᠠᠵᠤ ᠠᠬᠤᠶᠢᠯᠠᠯ ᠳᠤ | ᠬᠠᠷᠠᠭᠠᠯᠵᠠᠯ ᠦᠵᠡᠭᠦᠯᠭᠦ ᠲᠤᠰᠬᠠᠢ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠷᠤᠯᠭ᠎ᠠ | ᠪᠣᠯᠭᠠᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠤᠬᠠᠶᠢᠯᠠᠭᠰᠠᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ | ᠴᠤᠪᠤᠷᠠᠯ ᠤᠨ ᠶᠣᠰᠣᠭᠠᠷ ᠬᠠᠮᠢᠶ᠎ᠠ ᠪᠦᠬᠦᠢ ᠠᠵᠤ ᠠᠬᠤᠶᠢᠯᠠᠯ ᠳᠤ ᠰᠢᠭᠤᠳ ᠣᠯᠭᠤᠨ᠎ᠠ᠃ ᠳᠤᠮᠳᠠ ᠪᠠᠭ᠎ᠠ ᠠᠵᠤ | ᠠᠬᠤᠶᠢᠯᠠᠯ ᠠᠴᠠ ᠦᠢᠯᠡᠴᠢᠯᠡᠭᠡ ᠬᠠᠩᠭᠠᠬᠤ ᠳᠤ ᠲᠣᠬᠢᠷᠠᠬᠤ ᠮᠥᠷᠲᠡᠭᠡᠨ ᠵᠣᠭᠤᠰ ᠤᠨ ᠲᠤᠭ᠎ᠠ ᠨᠢ 400 ᠲᠦᠮᠡᠨ | ᠲᠥᠭᠦᠷᠢᠭ ᠠᠴᠠ ᠳᠡᠭᠡᠭᠰᠢᠬᠢ ᠢᠨᠵᠧᠨᠧᠷᠢᠩ ᠤᠨ ᠬᠤᠳᠠᠯᠳᠤᠨ ᠠᠪᠬᠤ ᠲᠥᠷᠥᠯ ᠵᠦᠢᠯ ᠳᠤ ᠪᠣᠯ ᠱᠠᠲᠤᠴᠢ | ᠴᠢᠨᠠᠷᠲᠠᠢ ᠪᠠᠷ ᠳᠤᠮᠳᠠ ᠪᠠᠭ᠎ᠠ ᠠᠵᠤ ᠠᠬᠤᠶᠢᠯᠠᠯ ᠳᠤ ᠬᠠᠨᠳᠤᠭᠤᠯᠤᠨ 40% ᠠᠴᠠ ᠳᠡᠭᠡᠭᠰᠢᠬᠢ ᠬᠤᠪᠢ ᠶᠢᠨ | ᠲᠤᠭ᠎ᠠ ᠶᠢ ᠤᠷᠢᠳᠴᠢᠯᠠᠨ ᠦᠯᠡᠳᠡᠭᠡᠨ᠎ᠡ᠃ | | | ᠠᠷᠪᠠᠨ ᠨᠠᠢᠮᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠬᠠᠤᠯᠢᠵᠢᠯ ᠤᠨ | ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠳᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠵᠦ᠂ | ᠬᠠᠤᠯᠢᠵᠢᠯ ᠤᠨ ᠪᠠᠲᠤᠯᠠᠭ᠎ᠠ ᠶᠢ ᠡᠷᠬᠡ ᠠᠰᠢᠭ ᠢ ᠬᠠᠮᠠᠭᠠᠯᠠᠬᠤ᠂ ᠡᠷᠬᠡ ᠲᠡᠭᠰᠢ ᠪᠠᠷ ᠥᠷᠢᠰᠦᠯᠳᠦᠬᠦ᠂ ᠪᠡᠯᠡ ᠣᠷᠣᠭᠤᠯᠵᠤ | ᠪᠡᠯᠡ ᠬᠤᠷᠠᠮᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ ᠶᠢ | ᠰᠢᠯᠢᠳᠡᠭᠵᠢᠭᠦᠯᠬᠦ ᠵᠡᠷᠭᠡ ᠲᠠᠯ᠎ᠠ ᠳᠤ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠬᠠᠤᠯᠢ ᠶᠣᠰᠣᠭᠠᠷ ᠬᠠᠮᠠᠭᠠᠯᠠᠨ ᠳᠡᠮᠵᠢᠨ᠎ᠡ᠃ | | | ᠠᠷᠪᠠ ᠶᠢᠰᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ | ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠠᠯ᠎ᠠ ᠪᠠᠷ ᠬᠢ ᠨᠠᠮ ᠤᠨ | ᠪᠠᠶᠢᠭᠤᠯᠤᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ | ᠬᠤᠪᠢ ᠣᠷᠣᠭᠤᠯᠤᠭᠴᠢ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠬᠢᠨᠠᠯᠲᠠ ᠪᠠᠨ ᠴᠢᠩᠭᠠᠳᠬᠠᠨ᠂ | ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠯᠲᠠ ᠶᠢ ᠵᠢᠷᠤᠮᠵᠢᠭᠤᠯᠬᠤ᠂ ᠪᠦᠲᠦᠮᠵᠢᠲᠡᠢ | ᠲᠡᠩᠴᠡᠭᠦᠯᠬᠦ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠪᠡᠶᠡᠯᠡᠭᠦᠯᠵᠦ᠂ ᠨᠥᠬᠦᠴᠡᠯ ᠲᠠᠢ ᠠᠷᠠᠳ ᠤᠨ ᠡᠵᠡᠩᠨᠡᠯᠲᠡ | ᠶᠢᠨ ᠠᠵᠤ ᠠᠬᠤᠶᠢᠯᠠᠯ ᠤᠳ ᠤᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠠᠶᠢᠭᠤᠯᠤᠨ | ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ | | | ᠬᠤᠷᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠠᠮᠲᠤᠷᠠᠯ | ᠬᠦᠴᠦᠨ ᠢ ᠨᠢᠭᠲᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠵᠥᠪᠯᠡᠯ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠨᠢ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠵᠢᠯᠴᠠᠬᠤ ᠰᠠᠯᠠᠭ᠎ᠠ ᠮᠥᠴᠢᠷ ᠢ | ᠲᠣᠭᠲᠠᠭᠠᠵᠤ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ ᠬᠥᠲᠥᠯᠥᠨ | ᠵᠢᠯᠤᠭᠤᠳᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠵᠢᠯᠣᠭᠤᠳᠤᠨ | ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠵᠡᠷᠭᠡ | ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠡᠯ᠎ᠡ ᠠᠶᠢᠮᠠᠭ ᠬᠤᠲᠠ ᠨᠢ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠪᠠᠶᠢᠭᠤᠯᠤᠮᠵᠢ ᠲᠣᠭᠲᠠᠴᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ᠨᠠᠷᠢᠯᠢᠭᠵᠢᠭᠤᠯᠤᠨ ᠪᠣᠳᠠᠲᠠᠶᠢᠵᠢᠭᠤᠯᠤᠭᠰᠠᠨ ᠬᠡᠷᠡᠭᠵᠢᠭᠦᠯᠬᠦ ᠰᠠᠨᠠᠯ ᠢ ᠲᠣᠭᠲᠠᠭᠠᠵᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠭᠰᠡᠨ ᠪᠠᠶᠢᠳᠠᠯ ᠢ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠰᠢᠯᠢᠳᠡᠭᠵᠢᠭᠦᠯᠦᠭᠰᠡᠨ ᠢ ᠬᠢᠨᠠᠨ ᠰᠢᠯᠭᠠᠬᠤ ᠶᠢᠨ ᠴᠢᠬᠤᠯᠠ ᠠᠭᠤᠯᠭ᠎ᠠ ᠪᠤᠯᠭᠠᠵᠤ ᠠᠵᠢᠯ ᠤᠨ ᠠᠮᠵᠢᠯᠲᠠ | ᠪᠦᠲᠦᠮᠵᠢ ᠶᠢᠨ ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠤᠨ᠎ᠠ᠃ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠬᠢᠳᠠᠯ ᠰᠤᠷᠪᠤᠯᠵᠢᠯᠠᠯ᠂ ᠬᠠᠤᠯᠢ | ᠴᠠᠭᠠᠵᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ᠂ ᠵᠠᠬᠢᠳᠠᠯ | ᠰᠤᠷᠪᠤᠯᠵᠢᠯᠠᠯ ᠤᠨ ᠠᠰᠠᠭᠤᠳᠠᠯ᠂ ᠬᠠᠤᠯᠢ ᠠᠴᠠ ᠵᠥᠷᠢᠴᠡᠭᠰᠡᠨ ᠠᠰᠠᠭᠤᠳᠠᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ | ᠲᠣᠪᠴᠢᠶ᠎ᠠ ᠲᠣᠬᠢᠷᠠᠭᠤᠯᠤᠨ ᠱᠠᠯᠠᠪᠳᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤᠮᠳᠠᠬᠢ ᠲᠣᠪᠣᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠳᠤ ᠴᠠᠭ | ᠲᠤᠬᠠᠢ ᠳᠤᠨᠢ ᠬᠦᠷᠭᠡᠬᠦ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠠᠬᠢ ᠦᠢᠯᠡᠴᠢᠯᠡᠭᠡᠨ ᠤ ᠪᠠᠲᠤᠯᠠᠭ᠎ᠠ ᠶᠢ ᠲᠠᠰᠤᠷᠠᠯᠲᠠ ᠦᠭᠡᠢ | ᠴᠢᠩᠭᠠᠳᠬᠠᠨ᠎ᠠ᠃ |