ᠰᠠᠶᠢᠬᠠᠨ ᠲᠣᠭᠤᠷᠢᠭ᠄ ᠲᠥᠪᠯᠡᠷᠡᠭᠦᠯᠦᠨ ᠲᠣᠣᠷᠵᠢᠭᠤᠯᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/7/2
     ᠲᠣᠣᠷᠵᠢᠯ ᠨᠢ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠲᠠᠢ ᠬᠤᠯᠪᠣᠯᠳᠤᠵᠤ᠂ ᠶᠡᠭᠡ ᠬᠥᠳᠡᠯᠭᠡᠬᠦ ᠡᠨᠧᠷᠭᠢ ᠠᠭᠤᠯᠤᠭᠳᠠᠵᠤ ᠪᠤᠢ᠂ ᠲᠣᠣᠷᠵᠢᠭᠤᠯᠤᠭᠴᠢ ᠪᠣᠯ ᠰᠠᠭᠤᠭᠠᠯᠢ ᠠᠷᠠᠳ ᠤᠯᠠᠨ ᠲᠠᠢ ᠬᠠᠮᠤᠭ ᠤᠨ ᠨᠢᠭᠲᠠ ᠬᠠᠷᠢᠯᠴᠠᠬᠤ ᠬᠥᠭᠦᠷᠭᠡ᠃ ᠲᠣᠣᠷᠵᠢᠯ ᠤᠨ ᠬᠠᠮᠢᠶᠠᠷᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠣᠷᠵᠢᠯ ᠤᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠣᠣᠷᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ᠂ ᠰᠠᠶᠢᠬᠠᠨ ᠲᠣᠭᠤᠷᠢᠭ ᠲᠤ ᠲᠣᠣᠷᠵᠢᠯ ᠤᠨ ᠬᠠᠮᠢᠶᠠᠷᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠬᠥᠬᠡᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠤᠨ ᠰᠠᠯᠠᠭᠠᠨ ᠤ ᠳᠠᠷᠤᠭ᠎ᠠ ᠸᠧᠢ ᠰᠢᠨ ᠪᠣᠯᠣᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠴᠢᠩ ᠢ ᠤᠷᠢᠵᠤ᠂ ᠲᠤᠤᠷᠵᠢᠭᠤᠯᠤᠭᠰᠠᠨ ᠨᠡᠶᠢᠭᠡᠮ ᠤᠨ ᠵᠠᠰᠠᠯᠲᠠ ᠶᠢᠨ ᠠᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠬᠤ᠂ ᠮᠡᠳᠡᠭᠡ ᠵᠠᠩᠭᠢᠵᠢᠯᠲᠠ ᠶᠢ ᠨᠠᠩ ᠰᠠᠶᠢᠨ ᠲᠤᠯᠭᠠᠭᠤᠷᠢᠯᠠᠬᠤ᠂ ᠲᠣᠤᠷᠵᠢᠭᠤᠯᠤᠭᠴᠢ ᠶᠢ ᠬᠡᠷᠡᠭᠯᠡᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠲᠦᠯᠬᠢᠨ ᠠᠬᠢᠭᠤᠯᠬᠤ᠂ ᠲᠣᠤᠷᠵᠢᠭᠤᠯᠤᠭᠴᠢ ᠶᠢᠨ ᠢᠷᠡᠯᠲᠡ ᠶᠢ ᠵᠠᠰᠠᠬᠤ ᠪᠠ ᠡᠶᠡᠳᠡᠭᠦᠯᠬᠦ ᠤᠷ᠎ᠠ ᠴᠢᠳᠠᠪᠤᠷᠢ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠡ᠃ ᠡᠭᠦᠨ ᠤ ᠬᠠᠮᠲᠤ᠂ ᠪᠥᠬᠦ ᠤᠯᠤᠰ ᠤᠨ ᠬᠤᠶᠠᠷ ᠬᠤᠷᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠤᠬᠠᠢ ᠬᠠᠮᠢᠶ᠎ᠠ ᠪᠦᠬᠦᠢ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠭᠤᠣᠯᠳᠠᠭᠤ ᠡᠷᠬᠢᠮ ᠵᠣᠴᠢᠳ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠬᠡᠷᠡᠭ ᠢᠶᠠᠷ ᠰᠡᠵᠢᠭᠯᠡᠯ ᠢ ᠲᠠᠶᠢᠯᠵᠤ᠂ ᠰᠦᠯᠵᠢᠶᠡᠨ ᠤ ᠠᠵᠢᠯᠲᠠᠨ ᠤ ᠵᠥᠷᠢᠴᠡᠯ ᠢ ᠠᠷᠢᠯᠭᠠᠬᠤ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠳᠤ ᠪᠣᠳᠠᠲᠠᠢ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠴᠤ᠂ ᠰᠦᠯᠵᠢᠶᠡᠨ ᠤ ᠠᠵᠢᠯᠲᠠᠨ ᠤ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠴᠢᠳᠠᠪᠤᠷᠢ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠡᠭᠦᠷᠭᠡ ᠶᠢ ᠲᠣᠳᠣᠷᠬᠠᠶᠢᠯᠠᠪᠠ᠃
       ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠰᠦᠯᠵᠢᠶᠡᠨ ᠤ ᠠᠵᠢᠯᠲᠠᠨ ᠤ ᠲᠥᠯᠥᠭᠡᠯᠡᠭᠴᠢ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠣᠨᠴᠠᠯᠢᠭ ᠲᠠᠢ ᠪᠠᠨ ᠤᠶᠠᠯᠳᠤᠭᠤᠯᠤᠨ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠰᠡᠨ ᠲᠤᠷᠰᠢᠯᠭ᠎ᠠ ᠪᠠᠨ ᠬᠤᠪᠢᠶᠠᠯᠴᠠᠪᠠ᠃ ᠲᠡᠳᠡ ᠭᠡᠷ ᠪᠦᠯᠢ ᠶᠢᠨ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠠᠳᠠᠯ ᠠᠬᠤᠢ ᠶᠢᠨ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠲᠠᠯ᠎ᠠ ᠠᠴᠠ ᠡᠭᠦᠰᠴᠦ᠂ ᠪᠣᠳᠠᠲᠠᠢ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠵᠢᠴᠢ ᠲᠣᠣᠷᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠡᠷᠬᠢᠨ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠠᠳᠠᠯᠢ ᠪᠤᠰᠤ ᠲᠠᠯ᠎ᠠ ᠠᠴᠠ ᠲᠣᠳᠣᠷᠬᠠᠶᠢᠯᠠᠨ ᠥᠭᠦᠯᠡᠵᠦ᠂ ᠡᠳᠡᠭᠡᠷ ᠲᠤᠷᠰᠢᠯᠭ᠎ᠠ ᠨᠢ ᠵᠢᠯᠤᠭᠤᠳᠬᠤ ᠴᠢᠨᠠᠷ ᠪᠠ ᠬᠡᠷᠡᠭᠵᠢᠭᠦᠯᠬᠦ ᠴᠢᠨᠠᠷ ᠲᠠᠢ ᠶᠤᠮ᠃
      ᠲᠣᠰ ᠤᠳᠠᠭᠠᠨ ᠤ ᠪᠣᠯᠪᠠᠰᠤᠷᠠᠭᠤᠯᠤᠯ ᠨᠡᠶᠢᠭᠡᠮ ᠲᠣᠭᠤᠷᠢᠭ ᠤᠨ ᠠᠵᠢᠯᠲᠠᠳ ᠲᠤ ᠨᠢᠭᠡ ᠤᠳᠠᠭᠠᠨ ᠤ ᠬᠤᠪᠣᠷ ᠨᠠᠨᠳᠢᠨ ︽ᠴᠠᠬᠢᠯᠭᠠᠨ ᠴᠡᠨᠡᠭᠯᠡᠬᠦ︾ ᠲᠣᠬᠢᠶᠠᠯ ᠬᠠᠩᠭᠠᠭᠰᠠᠨ᠃ ᠪᠣᠯᠪᠠᠰᠤᠷᠠᠭᠤᠯᠤᠯ ᠤᠨ ᠠᠭᠤᠯᠭ᠎ᠠ ᠡᠯᠪᠡᠭ ᠪᠠᠶᠠᠯᠢᠭ ᠪᠥᠭᠡᠳ ᠪᠣᠳᠠᠲᠤ ᠬᠡᠷᠡᠭᠴᠡᠭᠡ ᠲᠠᠢ᠂ ᠡᠯᠪᠡᠭ ᠪᠠᠶᠠᠯᠢᠭ ᠠᠭᠤᠯᠭ᠎ᠠ ᠲᠠᠢ ᠪᠠᠶᠢᠨ᠎ᠠ᠃ ᠲᠡᠳᠡ ᠲᠤᠰ ᠤᠳᠠᠭᠠᠨ ᠤ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠰᠤᠷᠤᠭᠰᠠᠨ ᠢᠶᠠᠨ ᠯᠠᠪᠳᠠᠭᠤᠨ ᠪᠠᠲᠤᠲᠠᠢ ᠠᠵᠢᠯᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠤᠯᠣᠨ᠎ᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号