| | ᠠᠽᠢᠶ᠎ᠠ ᠲᠢᠪ ᠤᠨ ᠠᠩᠬᠠᠳᠠᠭᠴᠢ ︽ᠲᠡᠯᠡᠢ ᠳᠡᠭᠡᠷᠡᠬᠢ ᠴᠢᠯᠠᠭᠤᠨ ᠲᠣᠰᠣ ᠬᠡᠢ ᠪᠤᠯᠪᠠᠰᠤᠷᠠᠭᠤᠯᠬᠤ | ᠦᠢᠯᠡᠳᠪᠦᠷᠢ︾ - ︽ᠬᠠᠢ ᠺᠦᠢ ᠨᠢᠭᠡᠳᠦᠭᠡᠷ︾ ᠭᠦᠨ ᠲᠠᠯᠠᠢ ᠳᠤ ᠠᠵᠢᠯᠠᠭᠠᠨ ᠢᠶᠠᠨ ᠡᠬᠢᠯᠡᠭᠦᠯᠪᠡ︔ ᠪᠦᠬᠦ | ᠪᠥᠮᠪᠥᠷᠴᠡᠭ ᠤᠨ ᠠᠩᠬᠠᠳᠠᠭᠴᠢ 400G ᠪᠦᠷᠢᠨ ᠭᠡᠷᠡᠯ ᠤᠨ ᠮᠤᠵᠢ ᠶᠢᠨ ᠬᠤᠭᠤᠷᠤᠨᠳᠤᠬᠢ ᠭᠤᠣᠯ ᠰᠦᠯᠵᠢᠶᠡᠨ ᠤ | ᠬᠡᠯᠬᠢᠶ᠎ᠡ ᠵᠢᠩᠬᠢᠨᠢ ᠪᠠᠷ ᠬᠤᠳᠠᠯᠳᠤᠭᠠᠨ ᠳᠤ ᠬᠡᠷᠡᠭᠯᠡᠭᠳᠡᠪᠡ︔ ᠪᠦᠬᠦ ᠪᠥᠮᠪᠥᠷᠴᠡᠭ ᠤᠨ ᠬᠠᠮᠤᠭ ᠤᠨ ᠶᠡᠭᠡ ᠳ᠋ᠢᠶᠠᠮᠧᠲᠷ | ᠲᠠᠢ ᠬᠤᠳᠳᠤᠭ ᠮᠠᠯᠲᠠᠬᠤ ᠮᠠᠰᠢᠨ ᠤ ︽ᠬᠦᠰᠡᠯᠡᠩᠲᠦ ᠨᠡᠷᠡᠮᠵᠢᠳᠦ︾ ᠬᠤᠳᠠ ᠶᠢᠨ ᠠᠵᠢᠯᠠᠭᠠᠨ ᠢᠶᠠᠨ ᠡᠬᠢᠯᠡᠭᠦᠯᠪᠡ ᠁ | ᠡᠨᠡ ᠵᠢᠯ ᠠᠴᠠ ᠨᠠᠰᠢ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠯᠠᠪᠳᠠᠭᠤᠨ ᠪᠠᠲᠤᠲᠠᠢ | ᠠᠬᠢᠵᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ | ᠬᠦᠴᠦᠨ ᠢᠶᠠᠨ ᠢᠯᠡᠷᠡᠭᠦᠯᠦᠭᠰᠡᠨ ᠪᠠᠶᠢᠨ᠎ᠠ᠃ | | | ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠨᠢ ᠨᠢᠭᠡᠨᠲᠡ ᠢᠨᠵᠧᠨᠧᠷᠢᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠬᠤᠯᠠ ︽ᠲᠤᠷᠰᠢᠯᠲᠠ ᠶᠢᠨ ᠲᠠᠯᠠᠪᠠᠢ︾ ᠪᠣᠯᠵᠤ᠂ ︽ᠪᠣᠬᠢᠷᠳᠤᠯ ᠦᠭᠡᠢ︾ ᠠᠴᠠ ︽ᠰᠢᠨ᠎ᠡ ᠶᠢ ᠡᠭᠦᠳᠬᠦ︾ | ᠲᠡᠰᠢ ᠲᠠᠰᠤᠷᠠᠯᠲᠠ ᠦᠭᠡᠢ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠢ ᠨᠡᠮᠡᠷᠢᠯᠡᠪᠡ᠃ | | | ︽ᠪᠣᠬᠢᠷᠳᠤᠯ ᠦᠭᠡᠢ︾ ᠬᠥᠭᠵᠢᠯᠲᠡ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ | ᠬᠤᠪᠢᠷᠠᠭᠤᠯᠬᠤ ᠳᠤ ᠦᠷᠭᠦᠯᠵᠢᠯᠡᠨ ᠬᠦᠴᠦᠯᠡᠬᠦ ᠬᠡᠷᠡᠭᠲᠡᠢ | 5 ᠳ᠋ᠤᠭᠠᠷ ᠰᠠᠷ᠎ᠠ ᠶᠢᠨ 26 ᠤ ᠡᠳᠦᠷ᠂ ᠠᠦ᠋ᠰᠲᠷᠠᠯᠢᠶ᠎ᠠ ᠶᠢᠨ ᠰᠢᠩᠭᠡᠵᠢᠮᠡᠯ ᠪᠠᠶᠢᠭᠠᠯᠢ ᠶᠢᠨ ᠰᠢᠲᠠᠮᠠᠬᠠᠢ ᠬᠡᠢ | ︵LNG︶ ᠲᠡᠭᠡᠭᠡᠪᠦᠷᠢ ᠶᠢᠨ ᠣᠩᠭᠤᠴᠠ ᠳᠤᠮᠳᠠᠳᠤ ᠤᠯᠤᠰ ᠤᠨ ᠶᠠᠨ ᠴᠧᠩ ᠬᠤᠲᠠ ᠶᠢᠨ ︽ᠪᠣᠬᠢᠷᠲᠤᠯ ᠦᠭᠡᠢ | ᠡᠨᠧᠷᠭᠢ ᠶᠢᠨ ᠭᠠᠷᠠᠮ︾ ᠳᠤ ᠪᠠᠷᠠᠭ᠎ᠠ ᠪᠠᠭᠤᠯᠭᠠᠬᠤ ᠠᠵᠢᠯ ᠢᠶᠠᠨ ᠤᠷᠤᠭᠰᠢᠲᠠᠢ ᠪᠡᠶᠡᠯᠡᠭᠦᠯᠵᠡᠢ᠃ ᠶᠠᠨ ᠴᠧᠩ | ᠬᠤᠲᠠ ᠶᠢᠨ ︽ᠪᠣᠬᠢᠷᠲᠤᠯ ᠦᠭᠡᠢ ᠡᠨᠧᠷᠭᠢ ᠶᠢᠨ ᠭᠠᠷᠠᠮ︾ LNG ᠲᠤᠰᠴᠤ ᠪᠠᠭᠤᠯᠭᠠᠬᠤ ᠶᠡᠷᠦᠩᠬᠡᠢ ᠬᠡᠮᠵᠢᠶ᠎ᠡ ᠨᠢ | 450 ᠲᠦᠮᠡᠨ ᠲᠣᠨ ᠬᠦᠷᠴᠦ᠂ 3000 ᠲᠦᠮᠡᠨ ᠡᠷᠦᠬᠡ ᠶᠢᠨ ᠨᠢᠭᠡ ᠵᠢᠯ ᠤᠨ ᠪᠠᠶᠢᠭᠠᠯᠢ ᠶᠢᠨ ᠰᠢᠲᠠᠮᠠᠬᠠᠢ | ᠬᠡᠢ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠣᠨ᠎ᠠ᠃ | | | ᠶᠠᠨ ᠴᠧᠩ ᠬᠤᠲᠠ ᠶᠢᠨ ︽ᠪᠣᠬᠢᠷᠲᠤᠯ ᠦᠭᠡᠢ ᠡᠨᠧᠷᠭᠢ ᠶᠢᠨ ᠭᠠᠷᠠᠮ︾ ᠤᠨ ᠪᠠᠶᠢᠭᠤᠯᠵᠤ ᠪᠠᠶᠢᠭ᠎ᠠ 6 | ᠰᠠᠭᠤᠷᠢ 27 ᠲᠦᠮᠡᠨ ᠪᠣᠰᠤᠭ᠎ᠠ ᠳᠥᠷᠪᠡᠯᠵᠢᠨ ᠮᠧᠲᠷ LNG ᠲᠣᠰᠣ ᠬᠠᠳᠠᠭᠠᠯᠠᠬᠤ ᠰᠠᠪᠠ ᠨᠢ ᠶᠠᠭ ᠠᠽᠣᠲ | ᠬᠡᠢ ᠶᠢ ᠰᠣᠯᠢᠬᠤ ᠠᠵᠢᠯ ᠬᠢᠵᠦ᠂ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠳᠤ ᠡᠴᠦᠰ ᠤᠨ ᠪᠡᠯᠡᠳᠬᠡᠯ | ᠬᠢᠵᠦ ᠪᠠᠶᠢᠨ᠎ᠠ᠃ ᠲᠤᠬᠠᠢ ᠶᠢᠨ ᠣᠶᠢᠶ᠎ᠠ ᠳᠤ᠂ ᠶᠠᠨ ᠴᠧᠩ ᠬᠤᠲᠠ ᠶᠢᠨ ︽ᠪᠣᠬᠢᠷᠲᠤᠯ ᠦᠭᠡᠢ ᠡᠨᠧᠷᠭᠢ ᠶᠢᠨ ᠭᠠᠷᠠᠮ︾ | ᠨᠢ ᠳᠤᠮᠳᠠᠳᠤ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ LNG ᠬᠠᠳᠠᠭᠠᠯᠠᠮᠵᠢ ᠶᠢᠨ ᠰᠠᠭᠤᠷᠢᠨ ᠭᠠᠵᠠᠷ | ᠪᠣᠯᠣᠨ᠎ᠠ᠃ | | | ︽ᠰᠠᠯᠬᠢ︾ ︽ᠭᠡᠷᠡᠯ︾ ᠤᠨ ᠬᠢᠵᠠᠭᠠᠷ ᠦᠭᠡᠢ ᠬᠡᠳᠦ ᠳᠡᠰ ᠤᠨ ᠢᠨᠵᠧᠨᠧᠷᠢᠩ ᠤᠨ ᠠᠷᠤ ᠳᠤ ︽ᠳᠡᠰ ᠠᠴᠠ | ᠳᠠᠪᠠᠭᠰᠠᠨ ᠲᠣᠨᠤᠭ ᠲᠥᠬᠦᠭᠡᠷᠦᠮᠵᠢ︾ ︽ᠳᠡᠰ ᠠᠴᠠ ᠳᠠᠪᠠᠭᠰᠠᠨ ᠮᠠᠲ᠋ᠧᠷᠢᠶᠠᠯ︾ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ︽ᠶᠠᠨ ᠴᠧᠩ ᠬᠤᠲᠠ ᠶᠢᠨ ᠪᠣᠬᠢᠷᠲᠤᠯ ᠦᠭᠡᠢ | ᠡᠨᠧᠷᠭᠢ ᠶᠢᠨ ᠭᠠᠷᠠᠮ︾ ᠤᠨ ᠪᠥᠬᠦ ᠬᠠᠳᠠᠭᠠᠯᠠᠮᠵᠢ ᠶᠢᠨ ᠰᠠᠪᠠ ᠨᠢ ᠴᠥᠮ ᠳᠤᠮᠳᠠᠳᠤ ᠤᠯᠤᠰ ᠤᠨ ᠲᠡᠯᠡᠶ ᠶᠢᠨ | ᠲᠣᠰᠣᠨ ᠤ ᠬᠡᠲᠦ ᠲᠣᠮᠣ ᠬᠡᠯᠪᠡᠷᠢ ᠶᠢᠨ LNG ᠬᠠᠳᠠᠭᠠᠯᠠᠮᠵᠢ ᠶᠢᠨ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ | ᠪᠡᠶ᠎ᠡ ᠪᠠᠨ ᠳᠠᠭᠠᠭᠠᠵᠤ ᠵᠢᠷᠤᠵᠤ ᠲᠥᠯᠥᠪᠯᠡᠨ ᠪᠠᠶᠢᠭᠤᠯᠵᠠᠢ᠃ ᠶᠠᠨ ᠴᠧᠩ ᠬᠤᠲᠠ ᠶᠢᠨ ︽ᠪᠣᠬᠢᠷᠲᠤᠯ ᠦᠭᠡᠢ ᠡᠨᠧᠷᠭᠢ | ᠶᠢᠨ ᠭᠠᠷᠠᠮ︾ ᠤᠨ ᠶᠡᠷᠦᠩᠬᠡᠢ ᠳᠠᠭᠠᠭᠠᠮᠠᠯ ᠳ᠋ᠧᠩ ᠴᠢᠩ ᠲᠠᠨᠢᠯᠴᠠᠭᠤᠯᠬᠤ ᠳᠠᠭᠠᠨ᠂ ᠪᠠᠶᠢᠭᠠᠯᠢ ᠶᠢᠨ ᠰᠢᠲᠠᠮᠠᠬᠠᠢ ᠬᠡᠢ | ᠭᠦᠢᠴᠡᠳ ᠨᠥᠭᠡᠴᠡᠯᠡᠬᠦ ᠶᠢ ᠪᠠᠲᠤᠯᠠᠬᠤ ᠶᠢᠨ ᠬᠠᠮᠲᠤ᠂ ᠶᠠᠨ ᠴᠧᠩ ᠬᠤᠲᠠ ᠶᠢᠨ ︽ᠪᠣᠬᠢᠷᠲᠤᠯ ᠦᠭᠡᠢ ᠡᠨᠧᠷᠭᠢ ᠶᠢᠨ | ᠭᠠᠷᠠᠮ︾ ᠨᠢ ᠣᠷᠣᠨ ᠪᠦᠰᠡ ᠶᠢᠨ ᠡᠨᠧᠷᠭᠢ ᠶᠢᠨ ᠪᠦᠲᠦᠴᠡ ᠪᠠᠷ ᠰᠢᠯᠢᠳᠡᠭᠵᠢᠨ᠂ ᠬᠡᠯᠪᠡᠷᠢ ᠬᠤᠪᠢᠷᠠᠭᠤᠯᠬᠤ ᠶᠢ | ᠲᠠᠰᠤᠷᠠᠯᠲᠠ ᠦᠭᠡᠢ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ | ᠬᠤᠣᠰ ᠳᠡᠭᠡᠭᠰᠢᠯᠡᠯᠲᠡ ᠶᠢ ᠪᠡᠶᠡᠯᠡᠭᠦᠯᠵᠡᠢ ᠭᠡᠪᠡ᠃ | | | ︽ᠪᠣᠬᠢᠷᠳᠤᠯ ᠦᠭᠡᠢ︾ ᠬᠥᠭᠵᠢᠯᠲᠡ ᠳᠤ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ᠂ ᠮᠡᠷᠭᠡᠵᠢᠯ ᠤᠨ | ᠥᠭᠡᠷᠡᠴᠢᠯᠡᠯᠲᠡ ᠬᠢᠬᠦ᠂ ᠲᠡᠷᠢᠭᠦᠨ ᠰᠢᠨ᠎ᠡ ᠶᠢ ᠡᠭᠦᠳᠬᠦ ᠲᠡᠰᠢ ᠵᠡᠷᠭᠡᠪᠡᠷ ᠤᠷᠤᠭᠰᠢᠯᠠᠬᠤ ᠪᠣᠯᠣᠨ᠎ᠠ᠃ ᠣᠶᠢᠷ᠎ᠠ ᠳᠤ᠂ | ᠳᠤᠮᠳᠠᠳᠤ ᠤᠯᠤᠰ ᠤᠨ ᠬᠢᠮᠢ ᠶᠢᠨ ᠢᠨᠵᠧᠨᠧᠷᠢᠩ ᠤᠨ ᠳᠠᠭᠠᠭᠠᠴᠢᠯᠠᠨ ᠪᠠᠶᠢᠭᠤᠯᠤᠭᠰᠠᠨ ᠪᠦᠬᠦ ᠪᠥᠮᠪᠥᠷᠴᠡᠭ ᠤᠨ | ᠬᠠᠮᠤᠭ ᠤᠨ ᠲᠣᠮᠣ ᠨᠡᠭᠦᠷᠡᠰᠦ ᠪᠠᠷ ᠡᠲ᠋ᠢᠯ ᠠᠯᠺᠣᠣᠯ ᠦᠢᠯᠡᠳᠬᠦ ᠲᠥᠷᠥᠯ ᠵᠦᠢᠯ - ᠲᠠᠨ ᠰᠢᠨ ᠰᠢᠨᠵᠢᠯᠡᠬᠦ ᠤᠬᠠᠭᠠᠨ | ᠮᠡᠷᠭᠡᠵᠢᠯ ᠤᠨ ᠮᠧᠲ᠋ᠢᠯ ᠠᠯᠺᠣᠣᠯ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠦᠬᠦ ᠲᠠᠯ᠎ᠠ ᠪᠠᠷ ᠪᠠᠶᠢᠭᠤᠯᠤᠭᠳᠠᠵᠤ | ᠠᠰᠢᠭᠯᠠᠯᠲᠠ ᠳᠤ ᠣᠷᠣᠪᠠ᠃ ᠲᠥᠷᠥᠯ ᠵᠦᠢᠯ ᠨᠢ ᠴᠡᠪᠡᠷ ᠨᠡᠭᠦᠷᠡᠰᠦᠨ ᠤ ᠮᠡᠷᠭᠡᠵᠢᠯ ᠢ ᠬᠡᠷᠡᠭᠯᠡᠨ᠂ ᠴᠢᠯᠠᠭᠤᠨ ᠲᠣᠰᠣ | ᠪᠠᠷ ᠦᠢᠯᠡᠳᠬᠦᠨ ᠢ ᠤᠷᠤᠭᠯᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠨᠢᠭᠡ ᠴᠣᠭᠴᠠᠵᠢᠬᠤ ᠶᠢ ᠪᠡᠶᠡᠯᠡᠭᠦᠯᠵᠦ᠂ | ᠡᠬᠢ ᠪᠠᠶᠠᠯᠢᠭ ᠤᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠢ ᠶᠢᠨ ᠦᠷ᠎ᠡ ᠠᠰᠢᠭ ᠤᠨ | ᠳᠠᠪᠠᠭᠤᠯᠢᠭ ᠲᠠᠯ᠎ᠠ ᠪᠣᠯᠭᠠᠨ ᠬᠤᠪᠢᠷᠠᠭᠤᠯᠪᠠ᠃ ᠰᠢᠷ᠎ᠠ ᠲᠠᠩᠭᠢᠰ ᠤᠨ ᠬᠠᠢ ᠪᠢᠨ ᠭᠠᠷᠠᠮ ᠳᠤ᠂ ︽ᠠᠵᠢᠯ ᠡᠬᠢᠯᠡᠭᠦᠯᠬᠦ︾ | ᠵᠠᠷᠯᠢᠭ ᠢ ᠳᠠᠭᠠᠯᠳᠤᠨ᠂ ᠳᠤᠮᠳᠠᠳᠤ ᠤᠯᠤᠰ ᠤᠨ ᠬᠠᠮᠤᠭ ᠤᠨ ᠶᠡᠭᠡ ᠳᠠᠯᠠᠢ ᠳᠡᠭᠡᠷᠡᠬᠢ ᠭᠡᠷᠡᠯ ᠴᠡᠨᠡᠭ ᠤᠨ ᠲᠦᠷᠦᠯ | ᠵᠦᠢᠯ - ᠵᠦᠩ ᠾᠧ ᠲᠢᠶᠠᠨ ᠸᠠᠨ 200 ᠲᠦᠮᠡᠨ ᠺᠢᠯᠣᠸᠠᠲ ᠤᠨ ᠭᠡᠷᠡᠯ ᠴᠡᠨᠡᠭ ᠤᠨ ᠵᠢᠱᠢᠶ᠎ᠡ ᠦᠵᠡᠭᠦᠯᠬᠦ | ᠲᠦᠷᠦᠯ ᠵᠦᠢᠯ ᠢ ᠵᠢᠶᠠᠩᠰᠤ ᠶᠢᠨ ᠯᠢᠶᠠᠨ ᠶᠦᠨ ᠭᠠᠷᠠᠮ ᠳᠤ ᠵᠢᠩᠬᠢᠨᠢ ᠪᠠᠷ ᠡᠬᠢᠯᠡᠨ ᠪᠠᠶᠢᠭᠤᠯᠪᠠ᠃ ᠭᠠᠨᠰᠤ ᠶᠢᠨ | ᠮᠤᠤᠠᠤᠰᠤ ᠡᠯᠡᠰᠦᠨ ᠴᠦᠯ ᠳᠤ᠂ ᠳᠤᠮᠳᠠᠳᠤ ᠤᠯᠤᠰ ᠤᠨ ᠠᠩᠬᠠᠳᠠᠭᠴᠢ ᠮᠢᠩᠭᠠᠨ ᠲᠦᠮᠡᠨ ᠺᠢᠯᠣᠸᠠᠲ ᠤᠨ ᠲᠡᠰ ᠤᠨ | ᠤᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠡᠨᠧᠷᠭᠢ ᠶᠢᠨ ᠰᠠᠭᠤᠷᠢᠨ ᠭᠠᠵᠠᠷ - ᠬᠤᠸᠠ ᠨᠧᠩ ᠯᠦᠩ ᠳ᠋ᠦᠩ | ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠨ᠎ᠠ᠃ | | ᠹᠠᠷᠠᠨᠽᠢ ᠤᠯᠤᠰ ᠤᠨ ︽ᠴᠤᠤᠷᠢᠶᠠᠲᠤ ᠰᠣᠨᠢᠨ︾ ᠳᠤ᠂ ᠳᠤᠮᠳᠠᠳᠤ ᠤᠯᠤᠰ ᠬᠥᠮᠥᠰ ᠢ ᠰᠣᠴᠢᠭᠠᠮ᠎ᠠ | ᠬᠤᠷᠳᠤᠴᠠ ᠪᠠᠷ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠵᠦ᠂ ᠪᠦᠬᠦ ᠪᠥᠮᠪᠥᠷᠴᠡᠭ ᠤᠨ ᠬᠡᠷᠡᠭᠯᠡᠭᠴᠢᠳ ᠲᠤ | ᠪᠤᠶᠠᠨ ᠦᠢᠯᠡᠳᠬᠦ ᠪᠥᠭᠡᠳ ᠪᠦᠬᠦ᠋ᠢᠯᠡ ᠬᠠᠩᠭᠠᠯᠭ᠎ᠠ ᠶᠢᠨ ᠬᠡᠯᠬᠢᠶᠡᠨ ᠤ ᠭᠠᠳᠠᠭᠠᠳᠤ ᠶᠢᠨ ᠺᠣᠮᠫᠠᠨᠢ ᠳᠤ ᠠᠰᠢᠭ | ᠬᠦᠷᠲᠡᠭᠡᠵᠦ ᠪᠠᠶᠢᠨ᠎ᠠ ᠭᠡᠵᠦ ᠮᠡᠳᠡᠭᠡᠯᠡᠵᠡᠢ᠃ | | | ︽ᠭᠦᠨᠵᠡᠭᠡᠢ︾ ᠬᠥᠭᠵᠢᠯᠲᠡ ᠶᠢᠨ ᠰᠢᠨ᠎ᠡ ᠢᠷᠡᠭᠡᠳᠦᠢ ᠶᠢ ᠨᠡᠭᠡᠭᠡᠪᠡ | ᠱᠠᠩᠬᠠᠢ ᠬᠤᠲᠠ ᠶᠢᠨ ᠵᠢᠩ ᠠᠨ ᠲᠣᠭᠤᠷᠢᠭ ᠤᠨ ᠪᠦᠬᠦ ᠪᠥᠮᠪᠥᠷᠴᠡᠭ ᠤᠨ ᠬᠠᠮᠤᠭ ᠶᠡᠭᠡ ᠳ᠋ᠢᠶᠠᠮᠧᠲᠷ ᠲᠠᠢ | ᠬᠤᠳᠳᠤᠭ ᠮᠠᠯᠲᠠᠬᠤ ᠮᠠᠰᠢᠨ ᠤ ︽ᠬᠦᠰᠡᠯᠡᠩᠲᠦ ᠨᠡᠷᠡᠮᠵᠢᠳᠦ︾ ᠭᠠᠵᠠᠷ ᠮᠠᠯᠲᠠᠬᠤ ᠠᠵᠢᠯᠯᠠᠭ᠎ᠠ ᠡᠬᠢᠯᠡᠭᠦᠯᠵᠦ ᠪᠠᠶᠢᠨ᠎ᠠ᠃ | ᠢᠷᠡᠭᠡᠳᠦᠢ ᠳᠤ᠂ ᠳᠡᠯᠡᠬᠡᠢ ᠶᠢᠨ ᠬᠠᠮᠤᠭ ᠤᠨ ᠶᠡᠭᠡ ᠳ᠋ᠢᠶᠠᠮᠧᠲᠷ᠂ ᠱᠠᠩᠬᠠᠢ ᠶᠢᠨ ᠠᠩᠬᠠᠳᠠᠭᠴᠢ ᠡᠭᠴᠡ ᠱᠠᠲᠤ ᠶᠢᠨ | ᠭᠠᠵᠠᠷ ᠳᠣᠣᠷᠠᠬᠢ ᠣᠶᠤᠨᠲᠤ ᠲᠡᠷᠭᠡᠨ ᠵᠣᠭᠰᠣᠭᠠᠯ ᠢ ᠪᠠᠶᠢᠭᠤᠯᠵᠤ᠂ ᠬᠤᠲᠠ ᠶᠢᠨ ᠣᠷᠣᠨ ᠵᠠᠢ ᠶᠢᠨ ᠠᠰᠢᠭᠯᠠᠯᠲᠠ ᠶᠢᠨ | ᠨᠣᠷᠮ᠎ᠠ ᠶᠢᠨ ᠳᠠᠬᠢᠨ ᠢᠶᠠᠷ ᠳᠡᠰ ᠳᠡᠪᠰᠢᠭᠦᠯᠬᠦ︾ ᠶᠢ ᠪᠡᠶᠡᠯᠡᠭᠦᠯᠵᠦ ᠴᠢᠳᠠᠨ᠎ᠠ᠃ | | | ᠭᠠᠵᠠᠷ ᠳᠣᠣᠷᠠᠬᠢ ᠲᠡᠷᠭᠡᠨ ᠵᠣᠭᠰᠣᠭᠠᠯ ᠲᠤᠩ ᠤᠯᠠᠨ ᠪᠠᠶᠢᠨ᠎ᠠ᠂ ᠡᠨᠡᠬᠦ ᠭᠠᠵᠠᠷ ᠳᠣᠣᠷᠠᠬᠢ ᠲᠡᠷᠭᠡᠨ | ᠵᠣᠭᠰᠣᠭᠠᠯ ᠨᠢ ᠶᠠᠮᠠᠷ ᠢᠯᠭᠠᠭ᠎ᠠ ᠪᠠᠶᠢᠬᠤ ᠪᠣᠢ︖ ᠲᠦᠭᠦᠮ ᠢᠶᠠᠷ ᠬᠡᠯᠡᠪᠡᠯ ︽ᠬᠠᠭᠤᠴᠢᠨ ᠬᠤᠲᠠ ᠶᠢᠨ | ᠲᠣᠭᠤᠷᠢᠭ ᠤᠨ ᠮᠠᠰᠢ ᠵᠢᠵᠢᠭ ᠵᠡᠭᠡᠯᠢ ᠶᠢᠨ ᠴᠡᠴᠡᠷᠯᠢᠭ ᠢ ᠠᠰᠢᠭᠯᠠᠨ19 ᠳᠠᠪᠬᠤᠷ ᠭᠠᠵᠠᠷ ᠳᠣᠣᠷᠠᠬᠢ ᠲᠡᠷᠭᠡᠨ | ᠵᠣᠭᠰᠣᠭᠠᠯ ᠪᠠᠶᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ | ᠠᠰᠠᠭᠤᠳᠠᠯ ᠢ ᠰᠢᠢᠳᠪᠦᠷᠢᠯᠡᠪᠡ︾᠃ ᠲᠡᠷᠭᠡᠨ ᠵᠣᠭᠰᠣᠭᠠᠯ ᠤᠨ ᠲᠥᠬᠦᠭᠡᠷᠦᠮᠵᠢ᠂ ᠠᠵᠢᠯᠯᠠᠭ᠎ᠠ᠂ ᠬᠢᠨᠠᠨ ᠡᠵᠡᠮᠰᠢᠯ᠂ | ᠬᠠᠮᠠᠭᠠᠯᠠᠯᠲᠠ᠂ ᠬᠠᠮᠢᠶᠠᠷᠤᠯᠲᠠ ᠣᠶᠤᠨᠴᠢᠯᠠᠯᠲᠠ ᠶᠢ ᠨᠢᠭᠡ ᠴᠣᠭᠴᠠᠵᠢᠭᠤᠯᠤᠭᠰᠠᠨ 304 ᠲᠡᠷᠭᠡᠨ ᠵᠣᠭᠰᠣᠭᠠᠯ ᠨᠢ | ᠭᠠᠷ ᠤᠲᠠᠰᠤ ᠶᠢᠨ ᠲᠠᠪᠴᠠᠩ ᠢ ᠬᠡᠷᠡᠭᠯᠡᠨ ᠲᠡᠷᠭᠡ ᠵᠣᠭᠰᠤᠭᠠᠬᠤ ᠳᠤ ᠵᠥᠪᠬᠡᠨ 90 ᠰᠧᠺᠦ᠋ᠨ᠋ᠳ᠋ ᠬᠡᠷᠡᠭᠰᠡᠨ᠎ᠡ᠃ ︽ | ᠡᠨᠡ ᠪᠣᠯ ᠳᠠᠷᠤᠢ ᠮᠡᠷᠭᠡᠵᠢᠯ᠂ ᠲᠣᠨᠤᠭ ᠲᠥᠬᠦᠭᠡᠷᠦᠮᠵᠢ᠂ ᠠᠵᠢᠯᠲᠠᠨ ᠴᠥᠮ ᠵᠣᠬᠢᠬᠤ ᠱᠠᠲᠤᠨ ᠳᠤ ᠬᠦᠷᠲᠡᠯ᠎ᠡ | ᠬᠥᠭᠵᠢᠵᠦ᠂ ᠰᠠᠭᠤᠭᠠᠯᠢ ᠠᠷᠠᠳ ᠤᠨ ︿ᠪᠠᠴᠢᠮ ᠪᠡᠷᠬᠡ ᠵᠣᠪᠠᠨᠢᠯ ᠬᠦᠰᠡᠯ﹀ ᠢ ᠰᠢᠢᠳᠪᠦᠷᠢᠯᠡᠬᠦ ᠴᠢᠳᠠᠪᠤᠷᠢ ᠲᠠᠢ | ᠪᠣᠯᠤᠭᠰᠠᠨ ᠤ ᠪᠣᠳᠠᠲᠠᠢ ᠢᠯᠡᠷᠡᠯ ᠮᠥᠨ︾ ᠭᠡᠵᠦ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠡᠯᠡᠪᠡ᠃ | | | ︽ᠭᠦᠨᠵᠡᠭᠡᠢ︾ ᠬᠥᠭᠵᠢᠭᠦᠯᠵᠦ ᠳᠡᠰ ᠠᠴᠠ ᠳᠠᠪᠠᠭᠰᠠᠨ ᠢᠨᠵᠧᠨᠧᠷᠢᠩ ᠤᠨ ᠬᠥᠭᠵᠢᠯᠲᠡ ᠶᠢᠨ ᠰᠢᠨ᠎ᠡ | ᠢᠷᠡᠭᠡᠳᠦᠢ ᠶᠢ ᠨᠡᠭᠡᠭᠡᠵᠡᠢ | ᠡᠬᠡ ᠬᠠᠭᠤᠷᠠᠢ ᠳᠤ᠂ ᠭᠦᠨ ᠳᠠᠪᠬᠤᠷᠭ᠎ᠠ ᠶᠢᠨ ᠣᠷᠣᠨ ᠵᠠᠢ ᠶᠢ ᠶᠠᠭ ᠰᠠᠶᠢᠬᠠᠨ ᠨᠡᠭᠡᠭᠡᠨ ᠠᠰᠢᠭᠯᠠᠵᠤ ᠪᠠᠶᠢᠨ᠎ᠠ᠃ | ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠬᠠᠮᠤᠭ ᠤᠨ ᠪᠤᠳᠤᠯᠢᠶᠠᠨᠲᠠᠢ ᠭᠠᠵᠠᠷ ᠳᠣᠣᠷᠠᠬᠢ ᠣᠷᠣᠨ ᠵᠠᠢ ᠶᠢᠨ | ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠴᠣᠭᠴᠠ - ᠭᠤᠸᠠᠩ ᠭᠦ᠋ ᠲᠠᠯᠠᠪᠠᠶ ᠶᠢᠨ ᠶᠡᠷᠦᠩᠬᠡᠶᠢᠯᠡᠭᠰᠡᠨ ᠴᠣᠭᠴᠠ ᠠᠴᠠ | ᠤᠯᠤᠰ ᠤᠨ ᠳᠣᠲᠣᠭᠠᠳᠤ ᠶᠢᠨ ᠠᠩᠬᠠᠳᠠᠭᠴᠢ ᠵᠢᠩᠬᠢᠨᠢ ᠠᠴᠢ ᠬᠤᠯᠪᠣᠭᠳᠠᠯ ᠪᠦᠬᠦᠢ ᠥᠷᠲᠡᠭᠡ ᠬᠤᠲᠠ ᠶᠢ | ᠠᠭᠤᠰᠤᠯᠴᠠᠭᠤᠯᠤᠭᠰᠠᠨ ᠣᠨᠴᠠ ᠲᠣᠮᠣ ᠬᠡᠯᠪᠡᠷᠢ ᠶᠢᠨ ᠭᠠᠵᠠᠷ ᠳᠣᠣᠷᠠᠬᠢ ᠶᠡᠷᠦᠩᠬᠡᠶᠢᠯᠡᠭᠰᠡᠨ ᠠᠶᠠᠨᠴᠢᠳ ᠤᠨ | ᠲᠡᠭᠡᠭᠡᠪᠦᠷᠢ ᠶᠢᠨ ᠬᠦᠢᠰᠦ - ᠰᠢ ᠯᠢ ᠬᠦᠢᠰᠦ ᠬᠦᠷᠲᠡᠯ᠎ᠡ᠂ ᠳᠤᠮᠳᠠᠳᠤ ᠤᠯᠤᠰ ᠤᠨ ᠬᠤᠲᠠ ᠶᠢᠨ ᠲᠥᠪ ᠤᠨ ᠣᠨᠴᠠ | ᠲᠣᠮᠣ ᠬᠡᠯᠪᠡᠷᠢ ᠶᠢᠨ ᠭᠠᠵᠠᠷ ᠳᠣᠣᠷᠠᠬᠢ ᠵᠠᠮ ᠬᠠᠷᠢᠯᠴᠠᠭᠠᠨ ᠤ ᠬᠦᠢᠰᠦ ᠶᠢ ᠵᠢᠷᠤᠵᠤ ᠲᠥᠯᠥᠪᠯᠡᠬᠦ᠂ ᠪᠠᠶᠢᠭᠤᠯᠬᠤ᠂ | ᠡᠵᠡᠩᠨᠡᠬᠦ ᠮᠡᠷᠭᠡᠵᠢᠯ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠭᠰᠡᠨ ᠪᠥᠭᠡᠳ ᠬᠤᠲᠠ ᠶᠢᠨ | ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠭᠰᠡᠨ ᠪᠠᠶᠢᠨ᠎ᠠ᠃ ︽ᠭᠠᠵᠠᠷ ᠳᠣᠣᠷᠠᠬᠢ ᠴᠢᠬᠤᠯᠠ ᠣᠷᠣᠨ ᠵᠠᠢ᠂ ᠠᠮᠤᠷ | ᠲᠦᠪᠰᠢᠨ᠂ ᠡᠬᠢ ᠪᠠᠶᠠᠯᠢᠭ ᠨᠢ ᠨᠢᠭᠡᠨᠲᠡ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ | ᠬᠤᠲᠠ ᠶᠢᠨ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠵᠠᠢ︾ ᠭᠡᠵᠦ | ᠲᠤᠮᠳᠠᠳᠦ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠡᠯᠡᠪᠡ᠃ | | | ᠳᠠᠯᠠᠢ ᠳᠡᠭᠡᠷ᠎ᠡ᠂ ᠭᠦᠨ ᠳᠠᠪᠬᠤᠷᠭ᠎ᠠ ᠶᠢᠨ ᠬᠠᠶᠢᠨ ᠰᠦᠪᠡᠭᠴᠢᠯᠡᠯᠲᠡ ᠶᠡᠷᠦ ᠵᠣᠭᠰᠤᠭ᠎ᠠ ᠦᠭᠡᠢ᠃ ᠣᠶᠢᠷ᠎ᠠ ᠳᠤ᠂ | ᠠᠽᠢᠶ᠎ᠠ ᠲᠢᠪ ᠤᠨ ᠠᠩᠬᠠᠳᠠᠭᠴᠢ ᠪᠥᠭᠡᠷᠡᠩᠬᠡᠢ ᠲᠦᠩᠰᠡ ᠬᠡᠯᠪᠡᠷᠢ ᠶᠢᠨ ᠬᠥᠪᠥᠮᠡᠯ ᠮᠠᠶ᠋ᠢᠭ ᠤᠨ ᠲᠣᠰᠣ ᠬᠠᠳᠠᠭᠠᠯᠠᠵᠤ | ᠪᠠᠭᠤᠯᠭᠠᠬᠤ ᠲᠥᠬᠦᠭᠡᠷᠦᠮᠵᠢ ︽ᠬᠠᠢ ᠺᠦᠢ ᠨᠢᠭᠡᠳᠦᠭᠡᠷ︾ ᠠᠵᠢᠯ ᠡᠬᠢᠯᠡᠭᠦᠯᠵᠦ᠂ ᠳᠤᠮᠳᠠᠳᠤ ᠤᠯᠤᠰ ᠤᠨ ᠠᠩᠬᠠᠳᠠᠭᠴᠢ | ᠭᠦᠨ ᠳᠠᠪᠬᠤᠷᠭ᠎ᠠ ᠶᠢᠨ ᠴᠢᠯᠠᠭᠤᠨ ᠲᠣᠰᠣᠨ ᠤ ᠰᠠᠪᠠ ᠶᠢ ᠬᠤᠶᠠᠳᠠᠭᠢ ᠤᠳᠠᠭ᠎ᠠ ᠨᠡᠭᠡᠭᠡᠨ ᠬᠥᠭᠵᠢᠭᠦᠯᠬᠦ ᠲᠥᠷᠥᠯ | ᠵᠦᠢᠯ ᠨᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠳᠤ ᠰᠠᠭᠤᠷᠢ ᠲᠠᠯᠪᠢᠵᠤ ᠥᠭᠪᠡ᠃ ᠡᠭᠦᠨ ᠠᠴᠠ | ᠭᠠᠳᠠᠨ᠎ᠠ᠂ ᠠᠽᠢᠶ᠎ᠠ ᠲᠢᠪ ᠤᠨ ᠭᠦᠨ ᠳᠠᠪᠬᠤᠷᠭ᠎ᠠ ᠶᠢᠨ ᠳᠠᠮᠵᠢᠭᠤᠯᠬᠤ ᠬᠤᠭᠤᠯᠠᠢ ᠶᠢᠨ ᠲᠠᠪᠴᠠᠩ ᠤᠨ ︽ᠬᠠᠢ ᠵᠢᠢ | ᠬᠤᠶᠠᠳᠤᠭᠠᠷ︾ ᠢ ᠤᠭᠰᠠᠷᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠳᠠᠯᠠᠶ ᠳᠡᠭᠡᠷᠡᠬᠢ ᠲᠦᠭᠦᠬᠡᠢ ᠴᠢᠯᠠᠭᠤᠨ | ᠲᠣᠰᠣᠨ ᠤ ᠦᠢᠯᠡᠳᠪᠦᠷᠢᠯᠡᠯ ᠤᠨ ᠲᠠᠪᠴᠠᠩ ᠤᠨ ᠥᠨᠳᠥᠷ ᠤᠨ ᠬᠡᠮᠵᠢᠶ᠎ᠡ ᠪᠣᠯᠣᠨ ᠬᠦᠨᠳᠦ ᠶᠢᠨ ᠬᠡᠮᠵᠢᠶ᠎ᠡ ᠨᠢ | ᠠᠽᠢᠶ᠎ᠠ ᠲᠢᠪ ᠤᠨ ᠲᠡᠮᠳᠡᠭᠯᠡᠯ ᠢ ᠰᠢᠨᠡᠳᠬᠡᠪᠡ᠃ ᠬᠡᠲᠦ ᠭᠦᠨ ᠳᠠᠪᠬᠤᠷᠭ᠎ᠠ ᠶᠢᠨ ᠳᠠᠯᠠᠶ ᠲᠠᠩᠭᠢᠰ ᠤᠨ ᠲᠣᠰᠣ ᠬᠡᠢ ᠪᠣᠯ | ᠳᠤᠮᠳᠠᠳᠤ ᠤᠯᠤᠰ ᠤᠨ ᠲᠣᠰᠣ ᠬᠡᠢ ᠶᠢᠨ ᠡᠬᠢ ᠪᠠᠶᠠᠯᠢᠭ ᠤᠨ ᠨᠥᠭᠡᠴᠡ ᠶᠢᠨ ᠭᠠᠷᠤᠯᠲᠠ ᠶᠢ ᠨᠡᠮᠡᠭᠳᠡᠭᠦᠯᠬᠦ | ᠭᠤᠣᠯᠳᠠᠯᠭ᠎ᠠ ᠲᠠᠢ ᠴᠢᠭᠯᠡᠯ ᠪᠣᠯᠤᠭᠰᠠᠨ ᠮᠥᠷᠲᠡᠭᠡᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠦ ᠬᠦᠴᠦᠲᠡᠢ | ᠲᠤᠯᠭᠠᠭᠤᠷᠢ ᠬᠠᠩᠭᠠᠭᠰᠠᠨ ᠪᠠᠶᠢᠨ᠎ᠠ᠃ | | | ︽ᠳᠡᠭᠡᠳᠦ︾ ᠬᠡᠮᠵᠢᠶ᠎ᠡ ᠪᠠᠷ ᠬᠥᠭᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ | ᠪᠤᠵᠠᠭᠠᠶᠢᠷᠠᠭᠤᠯᠤᠨ᠎ᠠ | 6 ᠳ᠋ᠤᠭᠠᠷ ᠰᠠᠷ᠎ᠠ ᠶᠢᠨ 16 ᠤ ᠡᠳᠦᠷ᠂ ᠱᠧᠨ ᠵᠦᠩ ᠨᠡᠪᠲᠡᠷᠡᠬᠦ ᠵᠠᠮ ᠨᠢ ᠪᠠᠷᠢᠯᠭ᠎ᠠ ᠳᠠᠭᠤᠰᠴᠤ ᠰᠢᠯᠭᠠᠨ | ᠠᠪᠴᠠᠢ᠂ ᠡᠨᠡ ᠨᠢ 7 ᠵᠢᠯ ᠤᠨ ᠬᠤᠭᠤᠴᠠᠭᠠᠨ ᠤ ᠪᠡᠯᠡᠳᠬᠡᠯ ᠠᠵᠢᠯ᠂ 7 ᠵᠢᠯ ᠤᠨ ᠬᠠᠲᠠᠭᠤᠵᠢᠯᠲᠠᠢ ᠪᠦᠲᠦᠭᠡᠨ | ᠪᠠᠶᠢᠭᠤᠯᠤᠯᠲᠠ ᠪᠠᠷ ᠳᠡᠯᠡᠬᠡᠢ ᠶᠢᠨ ᠳᠡᠰ ᠤᠨ ᠳᠠᠯᠠᠢ ᠠᠯᠤᠰᠯᠠᠭᠰᠠᠨ ᠢᠨᠵᠧᠨᠧᠷᠢᠩ ᠤᠨ ᠡᠯ᠎ᠡ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠨᠢ ︽ᠶᠡᠭᠡ | ᠰᠢᠯᠭᠠᠯᠲᠠ︾ ᠳᠤ ᠬᠢᠷᠢ ᠲᠡᠩᠴᠡᠭᠰᠡᠨ ᠢ ᠬᠠᠷᠠᠭᠤᠯᠵᠤ ᠪᠠᠶᠢᠨ᠎ᠠ᠃ | | | ᠱᠧᠨ ᠵᠦᠩ ᠨᠡᠪᠲᠡᠷᠡᠬᠦ ᠵᠠᠮ ᠤᠨ ᠪᠦᠬᠦ ᠣᠷᠳᠣ ᠨᠢ 24 ᠺᠢᠯᠣᠮᠧᠲᠷ᠂ ︽ᠬᠥᠭᠦᠷᠭᠡ᠂ ᠠᠷᠠᠯ᠂ ᠨᠦᠬᠡᠨ ᠵᠠᠮ᠂ | ᠤᠰᠤᠨ ᠳᠣᠣᠭᠤᠷ ᠬᠠᠷᠢᠯᠴᠠᠨ ᠨᠡᠪᠲᠡᠷᠡᠯᠴᠡᠬᠦ︾ ᠶᠢ ᠨᠢᠭᠡ ᠴᠣᠭᠴᠠ ᠪᠣᠯᠭᠠᠭᠰᠠᠨ ︽ᠱᠧᠨ ᠸᠠᠨ ᠾᠦᠢ︾ ᠬᠢᠭᠡᠳ | ︽ᠵᠦ ᠵᠦᠩ ᠵᠢᠶᠠᠩ︾ ᠬᠤᠶᠠᠷ ᠶᠡᠭᠡ ᠬᠤᠲᠠ ᠶᠢᠨ ᠪᠥᠭᠡᠮᠨᠡᠷᠡᠯ ᠢ ᠬᠤᠯᠪᠣᠬᠤ ᠴᠣᠷ ᠤᠨ ᠭᠠᠭᠴᠠ ᠰᠢᠭᠤᠳ ᠨᠡᠪᠲᠡᠷᠡᠬᠦ | ᠵᠠᠮ ᠪᠣᠯᠬᠤ ᠪᠥᠭᠡᠳ ᠣᠳᠣᠬᠠᠨ ᠤ ᠳᠡᠯᠡᠬᠡᠢ ᠳᠡᠭᠡᠷᠡᠬᠢ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢᠨ | ᠬᠠᠮᠤᠭ ᠤᠨ ᠬᠦᠴᠢᠷᠲᠡᠢ ᠲᠡᠯᠡᠶ ᠰᠤᠨᠳᠠᠯᠠᠭᠰᠠᠨ ᠢᠨᠵᠧᠨᠧᠷᠢᠩ ᠤᠨ ᠨᠢᠭᠡ ᠪᠣᠯᠣᠨ᠎ᠠ᠃ | | | ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠨᠢ ᠰᠢᠨ᠎ᠡ ᠮᠡᠷᠭᠡᠵᠢᠯ᠂ ᠰᠢᠨ᠎ᠡ ᠲᠣᠨᠤᠭ | ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠳᠤ ᠥᠷᠭᠡᠨ ᠠᠭᠤᠳᠠᠮ ᠲᠠᠪᠴᠠᠩ ᠬᠠᠩᠭᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠡᠯ᠎ᠡ ᠭᠠᠵᠠᠷ ᠤᠨ ᠬᠢᠨ | ᠪᠠᠰᠠ ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠠᠰᠢᠭᠲᠠᠢ | ᠪᠠᠶᠢᠷᠢ ᠶᠢ ᠡᠵᠡᠯᠡᠵᠦ ᠪᠠᠶᠢᠨ᠎ᠠ᠃ | | | ᠠᠨᠾᠦ᠋ᠢ ᠮᠤᠵᠢ ᠳᠤ᠂ ᠬᠦᠴᠦᠨ ᠤᠬᠠᠭᠠᠨ ᠤ ᠪᠣᠳᠣᠯᠲᠠ ᠰᠤᠳᠤᠯᠤᠨ ᠨᠡᠭᠡᠭᠡᠯᠲᠡ ᠪᠠ ᠠᠵᠤ ᠦᠢᠯᠡᠰ ᠤᠨ | ᠬᠤᠣᠰ ᠥᠨᠳᠦᠷᠯᠢᠭ ᠵᠦᠭ ᠤᠷᠤᠭᠰᠢᠯᠠᠵᠤ᠂ ᠾᠧ ᠹᠧᠢ ᠬᠦᠴᠦᠨ ᠤᠬᠠᠭᠠᠨ ᠤ ᠮᠡᠳᠡᠭᠡ ᠵᠠᠩᠭᠢ ᠶᠢᠨ | ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠥᠬᠦ ᠤᠯᠤᠰ ᠤᠨ | ᠠᠩᠬᠠᠳᠠᠭᠴᠢ ᠪᠦᠯᠦᠭ ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠣᠯᠵᠤ᠂ ᠬᠦᠴᠦᠨ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠢ 60 ᠭᠠᠷᠤᠢ ᠴᠤᠭᠯᠠᠭᠤᠯᠵᠠᠢ᠂ ᠵᠧᠵᠢᠶᠠᠩ ᠮᠤᠵᠢ ᠶᠢᠨ | ᠰᠢᠶᠣᠣ ᠱᠠᠨ ᠲᠣᠭᠤᠷᠢᠭ ᠲᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠪᠣᠯᠬᠤ | ︽ᠱᠢ ᠭᠦ᠋︾ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠨᠢ ᠬᠠᠩᠵᠧᠦ ᠬᠤᠲᠠ ᠶᠢᠨ ᠰᠢᠶᠣᠣ ᠱᠠᠨ | ᠲᠣᠭᠤᠷᠢᠭ ᠲᠤ ᠵᠢᠩᠬᠢᠨᠢ ᠪᠠᠷ ᠪᠠᠶᠢᠭᠤᠯᠤᠭᠳᠠᠪᠠ᠂ ᠳᠤᠮᠳᠠᠳᠤ ᠤᠯᠤᠰ ᠤᠨ ᠱᠢ ᠭᠦ᠋ ᠣᠶᠤᠨᠴᠢ ᠠᠵᠤ ᠦᠢᠯᠡᠰ ᠤᠨ | ᠶᠡᠷᠦᠩᠬᠡᠢ ᠴᠣᠭᠴᠠ ᠨᠢ ᠨᠢᠭᠡᠨᠲᠡ 800 ᠭᠠᠷᠤᠢ ᠸᠢᠳᠢᠤ᠋ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠵᠤ᠂ ᠨᠢᠭᠡᠨᠲᠡ | 1000 ᠭᠠᠷᠤᠢ ᠠᠵᠤ ᠠᠬᠤᠶᠢᠯᠠᠯ ᠢᠶᠠᠷ ᠪᠦᠷᠢᠯᠳᠦᠭᠰᠡᠨ ᠪᠠᠶᠢᠨ᠎ᠠ᠃ | | | ᠡᠨᠡ ᠵᠢᠯ ᠤᠨ 1 - 5 ᠳ᠋ᠤᠭᠠᠷ ᠰᠠᠷ᠎ᠠ ᠳᠤ᠂ ᠪᠥᠬᠦ ᠤᠯᠤᠰ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠡᠢ᠃ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠨᠢ ᠦᠷᠭᠦᠯᠵᠢᠯᠡᠨ ᠴᠢᠨᠠᠷ ᠰᠠᠶᠢᠲᠠᠢ ᠬᠥᠭᠵᠢᠵᠦ᠂ ᠦᠢᠯᠡᠳᠬᠦ ᠦᠢᠯᠡᠰ ᠤᠨ | ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠳᠤᠯ ᠦᠭᠡᠢ ᠲᠡᠰᠢ ᠬᠡᠯᠪᠡᠷᠢ ᠬᠤᠪᠢᠷᠠᠭᠤᠯᠬᠤ ᠪᠠᠶᠢᠳᠠᠯ ᠢᠯᠡᠷᠬᠡᠢ | ᠪᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠦᠷᠭᠦᠯᠵᠢᠯᠡᠨ ᠪᠣᠶᠢᠵᠢᠭᠤᠯᠤᠨ ᠪᠤᠵᠠᠭᠠᠶᠢᠷᠠᠭᠤᠯᠪᠠ | ᠭᠡᠵᠦ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠤᠰ ᠠᠷᠠᠳ ᠤᠨ ᠠᠵᠤ ᠠᠬᠤᠢ ᠶᠢᠨ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠯᠢᠦ ᠠᠢ ᠬᠤᠸᠠ ᠬᠡᠯᠡᠪᠡ᠃ | | | ︽ᠪᠣᠬᠢᠷᠲᠤᠯ ᠦᠭᠡᠢ︾ ᠠᠴᠠ ︽ᠰᠢᠨ᠎ᠡ ᠶᠢ ᠡᠭᠦᠳᠬᠦ︾ ᠴᠢᠬᠤᠯᠠ ᠶᠡᠭᠡ ᠢᠨᠵᠧᠨᠧᠷᠢᠩ ᠤᠨ ᠲᠥᠷᠥᠯ | ᠵᠦᠢᠯ ᠳᠤ ᠬᠠᠨᠤᠮᠵᠢᠲᠠᠢ ᠪᠠᠶᠢᠨ᠎ᠠ᠂ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ | | | ᠢᠷᠡᠯᠲᠡ᠄ ᠲᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | ᠠᠷᠠᠳ ᠤᠨ ᠡᠳᠦᠷ ᠤᠨ ᠰᠣᠨᠢᠨ |