ᠰᠠᠶᠢᠬᠠᠨ ᠲᠣᠭᠤᠷᠢᠭ ᠭᠤᠷᠪᠠᠳᠤᠭᠠᠷ ᠬᠤᠭᠤᠴᠠᠭᠠᠨ ᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/7/2
     ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠬᠦᠴᠦᠨ ᠢ ᠪᠤᠢ ᠪᠣᠯᠭᠠᠵᠤ ᠴᠢᠳᠠᠬᠤ ᠪᠥᠭᠡᠳ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠃ 6 ᠰᠠᠷ᠎ᠠ ᠶᠢᠨ 29 ᠤ ᠡᠳᠦᠷ᠂ ᠰᠠᠶᠢᠬᠠᠨ ᠲᠣᠭᠤᠷᠢᠭ ᠭᠤᠷᠪᠠᠳᠤᠭᠠᠷ ᠬᠤᠭᠤᠴᠠᠭᠠᠨ ᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠪᠡ᠃ ᠪᠣᠯᠪᠠᠰᠤᠷᠠᠯ ᠤᠨ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠯᠧᠢ ᠡᠷᠬᠢᠯᠡᠪᠡ᠃ ᠪᠦᠬᠦ ᠲᠣᠭᠤᠷᠢᠭ ᠤᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠪᠣᠯᠪᠠᠰᠤᠷᠠᠯ ᠳᠤ ᠣᠷᠣᠯᠴᠠᠪᠠ᠃
           ᠲᠣᠰ ᠤᠳᠠᠭᠠᠨ ᠤ ᠪᠣᠯᠪᠠᠰᠤᠷᠠᠭᠤᠯᠤᠯ ᠨᠢ ᠰᠠᠨᠰᠠᠷ ᠤᠨ ᠠᠵᠤ ᠦᠢᠯᠡᠰ ᠤᠨ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠬᠥᠭᠵᠢᠯᠲᠡ ᠶᠢᠨ ᠲᠥᠯᠥᠪᠯᠡᠭᠡ ᠶᠢᠨ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠭᠠᠵᠠᠷ ᠤᠨ ᠳᠡᠳ᠋ ᠳᠠᠷᠤᠭ᠎ᠠ ᠯᠢ ᠸᠧᠢ ᠶᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃ ᠪᠣᠯᠪᠠᠰᠤᠷᠠᠭᠤᠯᠤᠯ ᠨᠢ ︽ᠬᠤᠳᠠᠯᠳᠤᠭᠠᠨ ᠤ ᠰᠠᠨᠰᠠᠷ ᠤᠨ ᠠᠵᠤ ᠦᠢᠯᠡᠰ ᠤᠨ ᠲᠠᠨᠢᠯᠴᠠᠭᠤᠯᠭ᠎ᠠ︾ ᠪᠠᠷ ᠭᠤᠣᠯ ᠰᠡᠳᠦᠪ ᠪᠣᠯᠭᠠᠵᠤ᠂ ᠰᠠᠨᠰᠠᠷ ᠤᠨ ᠠᠶᠠᠯᠠᠯ ᠬᠢᠭᠡᠳ ᠬᠤᠳᠠᠯᠳᠤᠭᠠᠨ ᠤ ᠰᠠᠨᠰᠠᠷ ᠤᠨ ᠠᠶᠠᠯᠠᠯ᠂ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠰᠠᠨᠰᠠᠷ ᠤᠨ ᠠᠵᠤ ᠠᠬᠤᠢ ᠶᠢᠨ ᠬᠡᠷᠡᠭᠯᠡᠭᠡᠨ ᠤ ᠦᠵᠡᠭᠳᠡᠯ ᠪᠣᠯᠣᠨ ᠬᠥᠬᠡᠬᠤᠲᠠ ᠶᠢᠨ ᠬᠤᠳᠠᠯᠳᠤᠭᠠᠨ ᠤ ᠰᠠᠨᠰᠠᠷ ᠤᠨ ᠠᠵᠤ ᠦᠢᠯᠡᠰ ᠢ ᠬᠥᠭᠵᠢᠭᠦᠯᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠵᠡᠷᠭᠡ ᠳᠥᠷᠪᠡᠨ ᠲᠠᠯ᠎ᠠ ᠪᠠᠷ ᠬᠠᠪᠰᠤᠷᠤᠨ ᠵᠢᠯᠣᠭᠤᠳᠪᠠ᠃ ᠬᠠᠪᠰᠤᠷᠤᠨ ᠵᠢᠯᠤᠭᠤᠳᠬᠤ ᠰᠢᠰᠲ᠋ᠧᠮ ᠨᠢ ᠪᠥᠬᠦ ᠲᠠᠯ᠎ᠠ ᠶᠢᠨ᠂ ᠠᠭᠤᠯᠭ᠎ᠠ ᠪᠠᠶᠠᠯᠢᠭ᠂ ᠵᠢᠱᠢᠶ᠎ᠡ ᠨᠠᠷᠢᠨ ᠪᠣᠳᠠᠲᠠᠢ᠂ ᠪᠥᠬᠦ ᠲᠣᠭᠤᠷᠢᠭ ᠤᠨ ᠺᠠᠳ᠋ᠷᠴᠤᠳ ᠢ ᠬᠠᠪᠰᠤᠷᠤᠨ ᠬᠤᠳᠠᠯᠳᠤᠭᠠᠨ ᠤ ᠰᠠᠨᠰᠠᠷ ᠤᠨ ᠠᠶᠠᠯᠠᠯ ᠵᠢᠴᠢ ᠰᠠᠨᠰᠠᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠶᠢᠬᠠᠨ ᠲᠣᠭᠤᠷᠢᠭ ᠲᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠭᠦᠨᠵᠡᠭᠡᠢ ᠣᠶᠢᠯᠠᠭᠠᠭᠤᠯᠪᠠ᠃ ᠡᠭᠦᠨ ᠤ ᠬᠠᠮᠲᠤ᠂ ᠪᠥᠬᠦ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠤᠵᠠᠭᠠᠶᠢᠷᠠᠯᠲᠠ ᠪᠠ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠥᠯᠥᠪᠵᠢᠭᠦᠯᠬᠦ  ᠳᠤ ᠪᠣᠳᠠᠲᠠᠢ ᠵᠢᠯᠣᠭᠤᠳᠤᠯᠭ᠎ᠠ ᠬᠠᠩᠭᠠᠪᠠ᠃                  ᠰᠠᠶᠢᠬᠠᠨ ᠲᠣᠭᠤᠷᠢᠭ ᠤᠨ ᠰᠠᠨᠰᠠᠷ ᠤᠨ ᠠᠶᠠᠯᠠᠯ ᠤᠨ ᠦᠢᠯᠡᠰ 60 ᠵᠢᠯ ᠤᠨ ᠬᠥᠭᠵᠢᠯᠲᠡ ᠶᠢ ᠥᠩᠭᠡᠷᠡᠭᠡᠵᠦ᠂ ᠰᠠᠭᠤᠷᠢ ᠵᠤᠵᠠᠭᠠᠨ ᠪᠠᠶᠢᠵᠤ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠨᠡᠩ ᠴᠤ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠬᠠᠲᠠᠭᠤ ᠪᠡᠶᠡᠲᠦ ᠬᠥᠳᠡᠯᠭᠡᠬᠦ ᠬᠦᠴᠦᠨ ᠤ ᠦᠢᠯᠡᠰ ᠤᠨ ︽ᠥᠯᠥᠭᠡᠢ︾ᠭᠡᠵᠦ ᠠᠯᠳᠠᠷᠰᠢᠭᠰᠠᠨ ᠪᠠᠶᠢᠨ᠎ᠠ᠃ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠰᠠᠶᠢᠬᠠᠨ ᠲᠣᠭᠤᠷᠢᠭ ᠲᠤ ᠵᠥᠪᠰᠢᠶᠡᠷᠡᠭᠳᠡᠭᠰᠡᠨ ᠪᠥᠭᠡᠳ ᠰᠠᠶᠢᠬᠠᠨ ᠲᠣᠭᠤᠷᠢᠭ ᠲᠤ ᠪᠠᠶᠢᠷᠢᠯᠠᠵᠤ᠂ ᠠᠵᠤ ᠦᠢᠯᠡᠰ ᠤᠨ ᠲᠦᠷᠦᠯ ᠵᠦᠢᠯ ᠨᠢ ᠰᠠᠨᠰᠠᠷ ᠤᠨ ᠠᠶᠠᠯᠠᠯ ᠤᠨ ᠲᠣᠨᠣᠭᠯᠠᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠣᠬᠢᠭᠤᠷ ᠲᠤᠯᠤᠭᠠᠨ ᠣᠲᠣ ᠥᠨᠳᠥᠷ ᠬᠤᠪᠢ ᠪᠠᠷ ᠬᠡᠷᠡᠭᠯᠡᠬᠦ ᠵᠡᠷᠭᠡ ᠨᠠᠢᠮᠠᠨ ᠶᠡᠭᠡ ᠬᠦᠷᠢᠶ᠎ᠡ ᠶᠢ ᠬᠠᠮᠤᠷᠴᠤ᠂ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠨᠢ ᠰᠠᠶᠢᠬᠠᠨ ᠲᠣᠭᠤᠷᠢᠭ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠬᠤ ᠪᠣᠯᠣᠨ᠎ᠠ᠃            ᠲᠣᠰ ᠤᠳᠠᠭᠠᠨ ᠤ ᠪᠣᠯᠪᠠᠰᠤᠷᠠᠭᠤᠯᠤᠯ ᠢ ᠥᠷᠨᠢᠭᠦᠯᠦᠭᠰᠡᠨ ᠨᠢ ᠪᠥᠬᠦ  ᠲᠣᠭᠤᠷᠢᠭ ᠤᠨ ᠺᠠᠳ᠋ᠷᠴᠤᠳ ᠢ ᠬᠠᠪᠰᠤᠷᠤᠨ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢ ᠣᠶᠢᠯᠠᠭᠠᠭᠤᠯᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠵᠠ ᠲᠣᠬᠢᠶᠠᠯ ᠤᠨ ᠤᠬᠠᠮᠰᠠᠷ ᠪᠠ ᠦᠢᠯᠡᠴᠢᠯᠡᠭᠡᠨ ᠤ ᠴᠢᠳᠠᠪᠤᠷᠢ ᠶᠢ ᠨᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ᠂ ᠠᠶᠠᠯᠠᠯ ᠤᠨ ᠲᠣᠭᠤᠷᠢᠭ ᠪᠠ ᠰᠠᠨᠰᠠᠷ ᠤᠨ ᠠᠶᠠᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠥᠭᠵᠢᠯᠲᠡ ᠶᠢᠨ ᠳᠤᠮᠳᠠ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号