ᠰᠠᠶᠢᠬᠠᠨ ᠲᠣᠭᠤᠷᠢᠭ᠄ ᠠᠵᠢᠯ ᠣᠯᠭᠤᠯᠲᠠ ᠶᠢᠨ ᠦᠢᠯᠡᠴᠢᠯᠡᠭᠡ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠵᠤ᠂ ᠠᠵᠢᠯᠲᠠᠨ ᠡᠯᠰᠡᠬᠦ ᠬᠤᠷᠠᠯ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/7/2
     ᠪᠥᠬᠦ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠨ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ 2024 ᠣᠨ ᠤ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠣᠭᠤᠷᠢᠭ ᠤᠨ ᠳᠠᠷᠤᠭ᠎ᠠ ᠲᠠᠨ ᠢ ᠳᠠᠭᠤᠳᠠᠵᠤ ᠠᠵᠢᠯ ᠣᠯᠭᠤᠬᠤ︾ ᠲᠤᠰᠬᠠᠢ ᠠᠵᠢᠯᠲᠠᠨ ᠡᠯᠰᠡᠬᠦ ᠬᠤᠷᠠᠯ ᠢ ᠶᠢᠨ ᠶᠢᠦ ᠴᠧᠩ ᠵᠤᠭᠠᠴᠠᠯ ᠤᠨ ᠬᠤᠲᠠ ᠳᠤ  ᠬᠢᠪᠡ᠃            ᠬᠥᠬᠡᠬᠤᠲᠠ ᠶᠢᠨ ᠠᠩᠬᠠᠨ ᠤ ᠪᠦᠯᠦᠭ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠴᠡᠭ ᠪᠣᠯᠤᠭᠰᠠᠨ ᠤ ᠬᠤᠪᠢ ᠳᠤ᠂ ᠲᠣᠰ ᠥᠷᠲᠡᠭᠡ ᠴᠡᠭ ᠨᠡᠶᠢᠭᠡᠮ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠥᠬᠦ ᠡᠭᠦᠷᠭᠡ ᠴᠢᠳᠠᠪᠤᠷᠢ ᠶᠢ ᠪᠦᠷᠢᠯᠳᠦᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠤᠷᠢᠳᠠᠴᠢ ᠪᠠᠶᠢᠷᠢᠯᠠᠭᠤᠯᠵᠤ᠂ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠨ᠂ ᠠᠵᠤ ᠠᠬᠤᠶᠢᠯᠠᠯ ᠪᠠ ᠬᠤᠳᠠᠯᠳᠤᠭᠠᠨ ᠤ ᠡᠷᠦᠬᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠪᠠ᠃
      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ ᠰᠠᠶᠢᠬᠠᠨ ᠲᠣᠭᠤᠷᠢᠭ ᠤᠨ 2024 ᠣᠨ ᠠᠴᠠ ᠡᠷᠭᠢᠯᠡᠭᠰᠡᠨ 24 ᠳ᠋ᠦ᠋ᠭᠡᠷ ᠤᠳᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠡᠷᠭᠡ ᠪᠠᠷ ᠠᠵᠢᠯᠲᠠᠨ ᠡᠯᠰᠡᠬᠦ ᠴᠤᠭᠯᠠᠭᠠᠨ᠂ ᠮᠦᠨᠴᠦ 6 ᠳ᠋ᠤᠭᠠᠷ ᠤᠳᠠᠭᠠᠨ ᠤ ᠬᠤᠳᠠᠯᠳᠤᠭᠠᠨ ᠤ ᠲᠣᠭᠤᠷᠢᠭ ᠲᠤ ᠣᠷᠣᠬᠤ ᠠᠵᠢᠯᠲᠠᠨ ᠡᠯᠰᠡᠬᠦ ᠬᠤᠷᠠᠯ ᠮᠥᠨ᠃ ᠰᠠᠶᠢᠬᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠴᠤᠤᠷᠢᠶ᠎ᠠ᠂ ᠸᠢᠳᠢᠤ᠋ ᠶᠢᠨ ᠨᠣᠮᠧᠷ᠂ ᠪᠤᠰᠢᠭᠤ ᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠵᠤ᠂ ᠲᠤᠬᠠᠢ ᠶᠢᠨ ᠲᠠᠯᠠᠪᠤᠷ ᠲᠤ ᠬᠦᠷᠴᠦ ᠳᠡᠶᠢᠯᠬᠦ ᠦᠭᠡᠢ ᠠᠵᠢᠯ ᠡᠷᠢᠭᠰᠡᠳ ᠢ ᠴᠦ ᠣᠷᠣᠯᠴᠠᠭᠤᠯᠵᠤ᠂ ᠡᠯ᠎ᠡ ᠲᠠᠪᠴᠠᠩ ᠤᠨ ᠦᠵᠡᠭᠰᠡᠨ ᠬᠥᠮᠥᠨ ᠤ ᠲᠤᠭ᠎ᠠ ᠬᠤᠶᠠᠷ ᠲᠦᠮᠡ ᠭᠠᠷᠤᠢ ᠪᠠᠶᠢᠵᠤ᠂ ᠨᠢᠭᠡᠨᠲᠡ 236 ᠠᠵᠢᠯ ᠡᠷᠢᠭᠴᠢ ᠲᠤᠬᠠᠢ ᠶᠢᠨ ᠲᠠᠯᠠᠪᠤᠷ ᠲᠤ ᠬᠥᠮᠥᠨ ᠬᠡᠷᠡᠭᠯᠡᠬᠦ ᠠᠵᠤ ᠠᠬᠤᠶᠢᠯᠠᠯ ᠲᠠᠢ ᠠᠵᠢᠯ ᠣᠯᠬᠤ ᠰᠠᠨᠠᠭ᠎ᠠ ᠲᠠᠢ ᠪᠣᠯᠪᠠ᠃ ︽ᠪᠢ ᠸᠢᠴᠠᠲ ᠤᠨ ᠨᠡᠶᠢᠲᠡ ᠶᠢᠨ ᠲᠠᠪᠴᠠᠩ ᠠᠴᠠ ᠡᠨᠡ ᠤᠳᠠᠭᠠᠨ ᠤ ᠠᠵᠢᠯᠲᠠᠨ ᠡᠯᠰᠡᠬᠦ ᠬᠤᠷᠠᠯ ᠢ ᠣᠯᠵᠤ ᠮᠡᠳᠡᠭᠡᠳ᠂ ᠬᠡᠳᠦᠨ ᠠᠵᠤ ᠠᠬᠤᠶᠢᠯᠠᠯ ᠮᠢᠨᠤ ᠰᠡᠳᠬᠢᠯ ᠳᠤ ᠨᠡᠶᠢᠴᠡᠵᠦ ᠪᠠᠶᠢᠨ᠎ᠠ︾  ᠭᠡᠵᠦ ᠠᠵᠢᠯ ᠡᠷᠢᠭᠴᠢ ᠵᠠᠩ ᠵᠢᠩ  ᠧᠦ ᠰᠤᠷᠪᠤᠯᠵᠢᠯᠠᠭᠴᠢ ᠳᠤ ᠬᠡᠯᠡᠪᠡ᠃
      ᠣᠶᠢᠯᠠᠭᠠᠭᠰᠠᠨ ᠢᠶᠠᠷ ︽ᠠᠵᠢᠯᠲᠠᠨ ᠡᠯᠰᠡᠬᠦ ᠬᠤᠷᠠᠯ ᠤᠨ ᠡᠮᠦᠨᠡᠬᠢ ᠬᠤᠭᠤᠴᠠᠭᠠᠨ ᠳᠤ᠂ ᠰᠠᠶᠢᠬᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠲᠤᠰᠬᠠᠢ ᠮᠡᠷᠭᠡᠵᠢᠯ ᠤᠨ ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠰᠢᠰᠲ᠋ᠧᠮ ᠤᠨ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠨ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠪᠦᠯᠬᠦᠮ ᠢ ᠤᠷᠢᠵᠤ ᠶᠢᠨ ᠶᠢᠦ ᠴᠧᠩ ᠬᠤᠳᠠᠯᠳᠤᠭᠠᠨ ᠤ ᠲᠣᠭᠤᠷᠢᠭ ᠤᠨ 20 ᠭᠠᠷᠤᠢ ᠬᠤᠳᠠᠯᠳᠤᠭᠠᠴᠢᠨ ᠡᠷᠦᠬᠡ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠩᠬᠠᠨ ᠤ ᠬᠤᠭᠤᠴᠠᠭᠠᠨ ᠤ ᠤᠷ᠎ᠠ ᠴᠢᠳᠠᠪᠤᠷᠢ ᠶᠢᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠢ ᠥᠷᠨᠢᠭᠦᠯᠪᠡ︾ ᠬᠡᠵᠦ ᠰᠠᠶᠢᠬᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠭᠤᠤ ᠶᠦᠨ ᠹᠧᠩ ᠰᠤᠷᠪᠤᠯᠵᠢᠯᠠᠭᠴᠢ ᠳᠤ ᠲᠠᠨᠢᠯᠴᠠᠭᠤᠯᠪᠠ᠃          ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠡᠶᠢᠭᠡᠮ ᠢ ᠶᠡᠷᠦᠩᠬᠡᠶᠢᠯᠡᠨ ᠵᠠᠰᠠᠬᠤ ᠶᠢᠨ ᠰᠠᠭᠤᠷᠢ᠃ ᠰᠠᠶᠢᠬᠠᠨ ᠲᠣᠭᠤᠷᠢᠭ ᠢᠮᠠᠭᠲᠠ ᠠᠷᠠᠳ ᠢᠶᠠᠷ ᠦᠨᠳᠦᠰᠦ ᠪᠣᠯᠭᠠᠬᠤ ᠵᠣᠷᠢᠯᠲᠠ ᠶᠢ ᠪᠠᠷᠢᠮᠲᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠣᠯᠣᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠪᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠣᠭᠤᠷᠢᠭ ᠤᠨ ᠳᠠᠷᠤᠭ᠎ᠠ ᠲᠠᠨ ᠢ ᠠᠵᠢᠯ ᠣᠯᠭᠤᠬᠤ︾ ᠰᠢᠷᠢᠰ ᠭᠤᠣᠯ ᠰᠡᠳᠦᠪᠲᠦ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠢᠯ ᠣᠯᠭᠤᠯᠲᠠ ᠶᠢᠨ ᠬᠡᠷᠡᠭᠴᠡᠭᠡ ᠶᠢ ᠬᠠᠩᠭᠠᠵᠤ᠂ ᠲᠣᠭᠲᠠᠭᠤᠨ ᠢᠶᠠᠷ ᠠᠵᠢᠯ ᠣᠯᠭᠤᠬᠤ ᠪᠠ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号