2024 ᠣᠨ ᠤ ᠪᠥᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠦᠵᠡᠭᠦᠯᠦᠯᠭᠡ ᠪᠠ ᠪᠣᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
     ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠣᠷᠣᠨ ᠤ ᠪᠠᠷᠢᠯᠭ᠎ᠠ ᠶᠢᠨ ᠬᠦᠷᠢᠶᠡᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠦᠵᠡᠭᠦᠯᠦᠯᠭᠡ ᠪᠠ ᠪᠣᠯᠪᠠᠰᠤᠷᠠᠯ ᠤᠨ ᠬᠤᠷᠠᠯ ᠬᠥᠬᠡᠬᠤᠲᠠ ᠶᠢᠨ ᠦᠢᠯᠡᠳᠪᠦᠷᠢᠯᠡᠯ ᠤᠨ ᠲᠣᠬᠢᠷᠠᠭᠤᠯᠤᠨ ᠵᠢᠯᠤᠭᠤᠳᠬᠤ ᠲᠥᠪ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠶᠠᠪᠤᠭᠳᠠᠪᠠ᠃            ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ ᠯᠢᠦ ᠸᠧᠨ ᠢᠦᠢ ᠬᠤᠷᠠᠯ ᠳᠤ ᠣᠷᠣᠯᠴᠠᠵᠠᠢ᠃ ᠲᠡᠷᠡ᠂ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠢᠨᠵᠧᠨᠧᠷᠢᠩ ᠤᠨ ᠲᠥᠷᠥᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ ᠡᠯ᠎ᠡ ᠬᠠᠮᠢᠶ᠎ᠠ ᠪᠦᠬᠦᠢ ᠨᠢᠭᠡᠴᠢ ᠪᠣᠯᠣᠨ ᠰᠠᠯᠠᠭ᠎ᠠ ᠮᠥᠴᠢᠷ ᠤᠳ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠭᠦᠨᠵᠡᠭᠡᠢ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠲᠣᠰ ᠤᠳᠠᠭᠠᠨ ᠤ ᠦᠵᠡᠭᠦᠯᠦᠯᠭᠡ ᠪᠠ ᠪᠣᠯᠪᠠᠰᠤᠷᠠᠯ ᠤᠨ ᠬᠤᠷᠠᠯ ᠨᠢ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠶᠠᠪᠤᠴᠠ ᠪᠠ ᠭᠤᠣᠯᠳᠠᠯᠭ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠂ ᠪᠣᠯᠪᠠᠰᠤᠷᠠᠯ ᠳᠤ ᠣᠷᠣᠯᠴᠠᠭᠰᠠᠳ ᠤᠷᠢᠳ ᠬᠤᠵᠢᠳ ᠵᠥᠩ ᠬᠠᠢ ᠶᠦᠸᠧ ᠵᠢᠶᠠᠩ ᠹᠦ᠋ ᠲᠥᠷᠥᠯ ᠵᠦᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠰᠤᠷᠤᠭᠴᠢ ᠶᠢᠨ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠵᠡᠷᠭᠡ ᠪᠠᠶᠢᠭᠤᠯᠵᠤ ᠪᠠᠶᠢᠭ᠎ᠠ ᠢᠨᠵᠧᠨᠧᠷᠢᠩ ᠢ ᠲᠣᠭᠤᠷᠢᠨ ᠦᠵᠡᠵᠦ᠂ ︽ᠲᠤᠯᠠᠭᠠᠯᠭ᠎ᠠ ᠶᠢᠨ ᠢᠨᠵᠧᠨᠧᠷᠢᠩ︾  ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠵᠡᠮᠳᠡᠯ᠂ ᠪᠣᠬᠢᠷᠲᠤᠯ ᠦᠭᠡᠢ ᠪᠠᠷᠢᠯᠭ᠎ᠠ ᠶᠢᠨ ᠣᠷᠴᠢᠨ ᠵᠢᠴᠢ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠠᠷᠭ᠎ᠠ ᠬᠢᠳᠡᠯ᠂ ᠣᠶᠤᠨᠴᠢ ᠪᠠᠷᠢᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ᠂ BIM ᠮᠡᠷᠭᠡᠵᠢᠯ ᠤᠨ ᠬᠡᠷᠡᠭᠯᠡᠯᠲᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠯᠠᠰ ᠴᠡᠭ ᠢ ᠲᠣᠭᠤᠷᠢᠨ ᠦᠵᠡᠪᠡ᠃            ᠦᠵᠡᠭᠦᠯᠦᠯᠭᠡ ᠪᠠ ᠪᠣᠯᠪᠠᠰᠤᠷᠠᠯ ᠤᠨ ᠬᠤᠷᠠᠯ ᠤᠨ ᠬᠤᠭᠤᠴᠠᠭᠠᠨ ᠳᠤ ᠪᠠᠰᠠ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠥᠨ ᠪᠦᠬᠦᠨ ᠪᠠᠴᠢᠮ ᠪᠠᠶᠢᠳᠠᠯ ᠢ  ᠠᠷᠭᠠᠴᠠᠭᠠᠬᠤ - ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠦᠶ᠎ᠡ︾ ᠪᠠᠷ ᠭᠤᠣᠯ ᠰᠡᠳᠦᠪ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ︽ᠠᠮᠤᠭᠤᠯᠠᠩᠲᠤ ᠬᠤᠨᠳᠠᠭ᠎ᠠ︾ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠢ ᠥᠷᠨᠢᠭᠦᠯᠵᠡᠢ᠂ ᠤᠷᠤᠯᠳᠤᠭᠠᠨ ᠤ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠢ᠂ ᠭᠤᠶᠢᠳᠠ ᠰᠠᠶᠢᠬᠠᠨ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠰᠣᠨᠢᠷᠬᠠᠯᠲᠤ ᠰᠡᠳᠦᠪ ᠵᠡᠷᠭᠡ ᠣᠯᠠᠨ ᠵᠦᠢᠯ ᠤᠨ ᠬᠡᠯᠪᠡᠷᠢ ᠪᠠᠷ ᠤᠷᠤᠯᠳᠤᠭᠠᠨ ᠳᠤ ᠣᠷᠣᠯᠴᠠᠭᠰᠠᠳ ᠲᠤ ᠤᠷᠤᠯᠳᠤᠭᠠᠨ ᠢ ᠰᠣᠨᠢᠷᠬᠠᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠰᠤᠷᠤᠯᠴᠠᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠠᠮᠤᠷ ᠲᠦᠪᠰᠢᠨ ᠢ ᠠᠬᠢᠭᠤᠯᠬᠤ ᠦᠷ᠎ᠡ ᠪᠦᠲᠦᠮᠵᠢ ᠳᠤ ᠬᠦᠷᠭᠡᠪᠡ᠃            ᠦᠵᠡᠭᠦᠯᠦᠯᠭᠡ ᠪᠠ ᠪᠣᠯᠪᠠᠰᠤᠷᠠᠯ ᠤᠨ ᠬᠤᠷᠠᠯ ᠢ ᠲᠤᠬᠠᠢ ᠶᠢᠨ ᠲᠠᠯᠠᠪᠠᠢ ᠪᠣᠯᠣᠨ  ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ᠂ ᠭᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ ᠪᠠᠷᠢᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 180 ᠭᠠᠷᠤᠢ ᠬᠥᠮᠥᠨ  ᠠᠬᠤᠢ ᠲᠠᠯᠠᠪᠠᠶ ᠶᠢᠨ ᠬᠤᠷᠠᠯ ᠳᠤ ᠣᠷᠣᠯᠴᠠᠪᠠ᠃        ᠢᠷᠡᠯᠲᠡ᠄ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号