2023 ᠣᠨ ᠤ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/2
       ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠬᠠᠮᠲᠤᠷᠠᠨ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠮᠡᠳᠡᠭᠦᠯᠦᠯᠲᠡ︾ ᠪᠠ 2023 ᠣᠨ ᠤ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠨᠡᠶᠢᠲᠡᠯᠡᠪᠡ᠃ 2023 ᠣᠨ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠥᠷᠭᠡᠳᠬᠡᠬᠦ ᠶᠢ ᠢᠳᠡᠪᠬᠢᠲᠡᠢ ᠠᠬᠢᠭᠤᠯᠵᠤ᠂ ᠳᠦᠷᠢᠮ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠣᠭᠠᠴᠢᠯᠠᠭᠰᠠᠨ ᠬᠥᠭᠵᠢᠯᠲᠡ ᠶᠢ ᠠᠬᠢᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠨ ᠬᠠᠳᠠᠭᠠᠯᠠᠭᠤᠯᠤᠭᠴᠢ ᠶᠢᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃              ᠬᠡᠪᠴᠢᠶ᠎ᠡ ᠶᠢ ᠥᠷᠭᠡᠳᠬᠡᠬᠦ ᠠᠵᠢᠯ ᠢ ᠠᠬᠢᠭᠤᠯᠵᠤ᠂ ᠨᠠᠩ ᠣᠯᠠᠨ ᠬᠥᠮᠥᠰ ᠲᠤ ᠠᠰᠢᠭ ᠬᠦᠷᠲᠡᠭᠡᠪᠡ᠃ ᠨᠢᠭᠡ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ 2023 ᠣᠨ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠣᠳᠠᠲᠠᠢ ᠲᠤᠰᠢᠶᠠᠭᠰᠠᠨ ᠨᠢᠭᠡᠴᠢ 494.76 ᠲᠦᠮᠡ ᠳᠤ ᠬᠦᠷᠴᠦ᠂ ᠪᠣᠳᠠᠲᠠᠢ ᠲᠤᠰᠢᠶᠠᠭᠰᠠᠨ ᠠᠵᠢᠯᠲᠠᠨ 17454.68 ᠲᠦᠮᠡᠨ ᠬᠥᠮᠥᠨ ᠪᠣᠯᠵᠤ᠂ ᠲᠣᠰ ᠪᠦᠷᠢ ᠲᠦᠷᠦᠭᠦᠤ ᠵᠢᠯ ᠤᠨ ᠬᠢ ᠠᠴᠠ 9.29% ᠪᠠ 2.8% ᠪᠠᠷ ᠨᠡᠮᠡᠭᠳᠡᠪᠡ᠃ ᠰᠢᠨ᠎ᠡ ᠳᠠᠩᠰᠠ ᠪᠠᠶᠢᠭᠤᠯᠤᠭᠰᠠᠨ ᠨᠢᠭᠡᠴᠢ 77.15 ᠲᠦᠮᠡ᠂ ᠰᠢᠨ᠎ᠡ ᠳᠠᠩᠰᠠ ᠪᠠᠶᠢᠭᠤᠯᠤᠭᠰᠠᠨ ᠠᠵᠢᠯᠲᠠᠨ ᠠᠵᠢᠯᠴᠢᠨ 2017.11 ᠲᠦᠮᠡᠨ ᠬᠥᠮᠥᠨ ᠪᠣᠯᠵᠠᠢ᠃ ᠪᠣᠳᠠᠲᠠᠢ ᠲᠤᠰᠢᠶᠠᠭᠰᠠᠨ ᠨᠢᠭᠡᠴᠢ 42.04 ᠲᠦᠮᠡ᠂ ᠪᠣᠳᠠᠲᠠᠢ ᠲᠤᠰᠢᠶᠠᠭᠰᠠᠨ ᠠᠵᠢᠯᠲᠠᠨ ᠠᠵᠢᠯᠴᠢᠨ 475.12 ᠲᠦᠮᠡ ᠪᠠᠷ ᠨᠡᠮᠡᠭᠳᠡᠪᠡ᠃ ᠬᠤᠶᠠᠷ ᠲᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠥᠷᠭᠡᠳᠬᠡᠪᠡ᠃ ᠴᠦᠩᠴᠢᠩ᠂ ᠴᠧᠩᠳᠦ᠋᠂ ᠭᠤᠸᠠᠩᠵᠧᠦ᠂ ᠱᠧᠨᠵᠧᠨ᠂ ᠴᠠᠩ ᠵᠧᠦ᠂ ᠰᠦᠵᠧᠦ ᠵᠡᠷᠭᠡ ᠠᠩᠬᠠᠳᠠᠭᠴᠢ ᠪᠦᠯᠦᠭ ᠲᠤᠷᠰᠢᠯᠲᠠ ᠶᠢᠨ ᠴᠡᠭ ᠪᠣᠯᠬᠤ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠵᠢᠯᠤᠭᠤᠳᠴᠤ᠂ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ ᠳ᠋ᠦᠩᠨᠡᠨ᠂ ᠨᠢᠭᠡᠳᠦᠯᠲᠡᠢ ᠬᠡᠷᠡᠭᠵᠢᠭᠦᠯᠬᠦ ᠰᠠᠭᠤᠷᠢ ᠴᠢᠨᠠᠷᠲᠠᠢ ᠲᠥᠷᠥ ᠶᠢᠨ ᠪᠣᠳᠣᠯᠭ᠎ᠠ ᠪᠣᠯᠣᠨ ᠰᠣᠩᠭᠤᠨ ᠬᠡᠷᠡᠭᠯᠡᠬᠦ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠪᠠ᠃ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠵᠢᠨᠠᠨ᠂ ᠦᠬᠠᠨ᠂ ᠴᠢᠩᠳᠣᠣ᠂ ᠺᠦᠨᠮᠢᠩ᠂ ᠪᠤᠭᠤᠲᠤ᠂ ᠵᠢᠨᠴᠧᠩ᠂ ᠬᠤᠵᠸᠣ ᠵᠡᠷᠭᠡ 7 ᠲᠤᠷᠰᠢᠯᠲᠠ ᠶᠢᠨ ᠴᠡᠭ ᠤᠨ ᠬᠤᠲᠠ ᠶᠢ ᠨᠡᠮᠡᠭᠳᠡᠭᠦᠯᠵᠦ᠂ ᠨᠠᠩ ᠣᠯᠠᠨ ᠠᠮᠢᠳᠤᠯᠢᠭ ᠢᠶᠠᠷ ᠠᠵᠢᠯ ᠣᠯᠣᠭᠰᠠᠳ ᠲᠤ ᠲᠣᠭᠲᠠᠭᠤᠨ ᠢᠶᠠᠷ ᠠᠵᠢᠯ ᠣᠯᠬᠤ ᠳᠤ ᠬᠦᠴᠦᠨ ᠨᠡᠮᠡᠷᠢᠯᠡᠪᠡ᠃ 2023 ᠣᠨ ᠤ ᠡᠴᠦᠰ ᠪᠣᠯᠲᠠᠯ᠎ᠠ᠂ 13 ᠲᠤᠷᠰᠢᠯᠲᠠ ᠶᠢᠨ ᠬᠤᠲᠠ ᠳᠤ ᠨᠡᠶᠢᠲᠡ 49.37 ᠲᠦᠮᠡᠨ ᠠᠮᠢᠳᠤᠯᠢᠭ ᠢᠶᠠᠷ ᠠᠵᠢᠯ ᠣᠯᠣᠭᠰᠠᠳ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶᠡᠨ ᠳᠤ ᠣᠷᠣᠭᠤᠯᠪᠠ᠃             ︽ᠣᠷᠣᠨ ᠰᠠᠭᠤᠴᠠ ᠶᠢ ᠦᠯᠦ ᠰᠠᠷᠢᠭᠠᠯᠠᠬᠤ︾ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠢ ᠪᠠᠶᠢᠭᠤᠯᠬᠤ ᠶᠢᠨ ᠦᠨᠳᠦᠰᠦᠨ ᠵᠣᠷᠢᠯᠭ᠎ᠠ ᠶᠢᠨ ᠨᠢᠭᠡ ᠪᠣᠯᠣᠨ᠎ᠠ᠂ ᠮᠠᠨ ᠤ ᠤᠯᠤᠰ ᠤᠨ ᠣᠷᠣᠨ ᠰᠠᠭᠤᠴᠠ ᠶᠢᠨ ᠵᠥᠷᠢᠴᠡᠯ ᠶᠡᠷᠦᠩᠬᠡᠢ ᠬᠡᠮᠵᠢᠶ᠎ᠡ ᠳᠤᠲᠠᠭᠳᠠᠬᠤ ᠠᠴᠠ ᠪᠦᠲᠦᠴᠡ ᠶᠢᠨ ᠴᠢᠨᠠᠷᠲᠠᠢ ᠬᠠᠩᠭᠠᠯᠭ᠎ᠠ ᠬᠦᠷᠦᠯᠴᠡᠬᠦ ᠦᠭᠡᠢ ᠪᠣᠯᠵᠤ ᠬᠤᠪᠢᠷᠠᠬᠤ ᠶᠢ ᠳᠠᠭᠠᠯᠳᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠴᠤ ᠵᠣᠬᠢᠴᠠᠩᠭᠤᠢ ᠰᠢᠯᠢᠳᠡᠭᠵᠢᠭᠦᠯᠦᠨ ᠲᠣᠬᠢᠷᠠᠭᠤᠯᠵᠠᠢ᠃ ᠨᠢᠭᠡ ᠳᠤ᠂ ᠭᠡᠷ ᠪᠠᠶᠢᠰᠢᠩ ᠲᠦᠷᠢᠶᠡᠰᠦᠯᠡᠬᠦ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠶᠢ ᠳᠡᠮᠵᠢᠬᠦ ᠡᠷᠴᠢᠮ ᠢ ᠴᠢᠩᠭᠠᠷᠠᠭᠤᠯᠪᠠ᠃ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ ᠲᠤᠰᠢᠶᠠᠨ ᠬᠠᠳᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ ᠶᠢ ᠳᠡᠮᠵᠢᠵᠦ᠂ ᠰᠠᠷ᠎ᠠ ᠪᠦᠷᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ᠂ ᠲᠤᠰᠢᠶᠠᠨ ᠬᠠᠳᠠᠭᠠᠯᠠᠭᠤᠯᠤᠭᠴᠢ ᠶᠢ ᠬᠠᠪᠰᠤᠷᠤᠨ ᠲᠦᠷᠢᠶᠡᠰᠦᠨ ᠮᠥᠩᠭᠦ ᠶᠢᠨ ᠬᠠᠷᠠᠭᠠᠯᠵᠠᠯ ᠡᠳ᠋ᠯᠡᠬᠦ ᠵᠡᠷᠭᠡ ᠠᠷᠭ᠎ᠠ ᠶᠢ ᠳᠡᠯᠭᠡᠷᠡᠭᠦᠯᠪᠡ᠃ 2023 ᠣᠨ ᠳᠤ ᠲᠦᠷᠢᠶᠡᠰᠦᠨ ᠣᠷᠣᠨ ᠰᠠᠭᠤᠴᠠ ᠳᠤ 2031.28 ᠳ᠋ᠦᠩᠰᠢᠭᠤᠷ ᠲᠥᠭᠦᠷᠢᠭ ᠭᠠᠷᠭᠠᠨ ᠠᠪᠴᠤ᠂ ᠳᠡᠭᠡᠷ᠎ᠡ ᠵᠢᠯ ᠤᠨ ᠬᠢ ᠠᠴᠠ 33.52% ᠪᠠᠷ ᠨᠡᠮᠡᠭᠳᠡᠪᠡ︔ ᠲᠦᠷᠢᠶᠡᠰᠦᠨ ᠣᠷᠣᠨ ᠰᠠᠭᠤᠴᠠ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠤᠭᠰᠠᠨ ᠬᠥᠮᠥᠨ ᠤ ᠲᠤᠭ᠎ᠠ 1846.09 ᠲᠦᠮᠡᠨ ᠬᠥᠮᠥᠨ᠂ ᠳᠡᠭᠡᠷ᠎ᠡ ᠵᠢᠯ ᠤᠨ ᠬᠢ ᠠᠴᠠ 20.04% ᠪᠠᠷ ᠨᠡᠮᠡᠭᠳᠡᠪᠡ᠃ ᠬᠤᠶᠠᠷ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠩᠬ᠎ᠠ ᠢᠵᠢ ᠡᠩ ᠤᠨ ᠣᠷᠣᠨ ᠰᠠᠭᠤᠴᠠ᠂ ᠬᠠᠮᠲᠤ ᠶᠢᠨ ᠥᠮᠴᠢᠯᠡᠯᠲᠦ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠬᠤᠳᠠᠯᠳᠤᠨ ᠠᠪᠬᠤ ᠶᠢ ᠭᠤᠣᠯᠳᠠᠯᠭ᠎ᠠ ᠲᠠᠢ ᠲᠡᠮᠵᠢᠪᠡ᠃ 2023 ᠣᠨ ᠤ ᠡᠴᠦᠰ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠨᠢ 16.98% ᠳᠤ ᠬᠦᠷᠴᠦ᠂ 2023 ᠣᠨ ᠳᠤ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ 82.97% ᠶᠢ ᠡᠵᠡᠯᠡᠵᠦ᠂ 144 ᠲᠡᠭᠰᠢ ᠳᠥᠷᠪᠡᠯᠵᠢᠨ ᠮᠧᠲᠷ ︵ᠪᠠᠭᠲᠠᠨ᠎ᠠ︶  ᠠᠴᠠ ᠳᠣᠷᠣᠭᠰᠢᠬᠢ ᠣᠷᠣᠨ ᠰᠠᠭᠤᠴᠠ ᠶᠢᠨ ᠵᠢᠭᠡᠯᠡᠯᠭᠡ 90.61% ᠶᠢ ᠡᠵᠡᠯᠡᠵᠦ᠂ 40 ᠨᠠᠰᠤ ︵ᠪᠠᠭᠲᠠᠨ᠎ᠠ︶  ᠠᠴᠠ ᠳᠣᠷᠣᠭᠰᠢᠬᠢ ᠠᠵᠢᠯᠲᠠᠨ ᠠᠵᠢᠯᠴᠢᠨ ᠤ ᠵᠢᠭᠡᠯᠡᠯᠭᠡ 81.36% ᠶᠢ ᠡᠵᠡᠯᠡᠪᠡ᠃ ᠭᠤᠷᠪᠠ ᠳᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠳᠤ ᠬᠦᠴᠦᠨ ᠨᠡᠮᠡᠷᠢᠯᠡᠪᠡ᠃ 2023 ᠣᠨ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶ᠎ᠡ ᠶᠢ ᠲᠣᠰ ᠬᠥᠮᠥᠨ ᠵᠢᠴᠢ ᠬᠠᠨᠢ ᠨᠥᠬᠦᠷ ᠬᠤᠶᠠᠷ ᠲᠠᠯ᠎ᠠ ᠶᠢᠨ ᠡᠴᠢᠭᠡ ᠡᠬᠡ ᠨᠢ ᠥᠪᠡᠰᠦᠪᠡᠨ ᠰᠠᠭᠤᠬᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠥᠭᠡᠷᠡᠴᠢᠯᠡᠯᠲᠡ ᠳᠤ ᠬᠦᠷᠲᠡᠯ᠎ᠡ ᠥᠷᠭᠡᠳᠬᠡᠵᠦ᠂ ᠨᠡᠶᠢᠲᠡ 4.42 ᠲᠦᠮᠡᠨ ᠬᠥᠮᠥᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ 8.26 ᠳ᠋ᠦᠩᠰᠢᠭᠤᠷ ᠲᠥᠭᠦᠷᠢᠭ ᠢ ᠴᠠᠬᠢᠯᠭᠠᠨ ᠱᠠᠲᠤ ᠤᠭᠰᠠᠷᠠᠬᠤ ᠳᠤ ᠬᠡᠷᠡᠭᠯᠡᠵᠦ᠂ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠪᠠ᠃ ᠳᠥᠷᠪᠡ ᠳᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠪᠡ᠃ 2023 ᠣᠨ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ ᠰᠠᠭᠤᠴᠠ︶ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢ 1036.19 ᠳ᠋ᠦᠩᠰᠢᠭᠤᠷ ᠲᠥᠭᠦᠷᠢᠭ ᠭᠠᠷᠭᠠᠨ ᠠᠪᠴᠤ᠂ ᠲᠣᠰ ᠵᠢᠯ ᠤᠨ ᠬᠤᠪᠢᠶᠠᠷᠢᠯᠠᠯᠲᠠ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ 71.92% ᠢ ᠡᠵᠡᠯᠡᠪᠡ᠃ 2023 ᠣᠨ ᠤ ᠡᠴᠦᠰ ᠲᠤ᠂ ᠨᠡᠶᠢᠲᠡ ᠶᠢᠨ ᠲᠦᠷᠢᠶᠡᠰᠦᠨ ᠭᠡᠷ ︵ᠬᠢᠮᠳᠠ ᠲᠦᠷᠢᠶᠡᠰᠦᠨ ᠭᠡᠷ ᠪᠠᠶᠢᠰᠢᠩ︶ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 7560.2 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠬᠠᠩᠭᠠᠪᠠ᠃              ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠤᠭᠠᠴᠢᠯᠠᠯᠳᠠ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠪᠣᠯᠣᠨ᠎ᠠ᠃ 2023 ᠣᠨ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠳᠥᠭᠦᠮ ᠳᠥᠲᠡ ᠥᠨᠳᠥᠷ ᠪᠦᠲᠦᠮᠵᠢᠲᠡᠶ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠬᠤ ᠶᠢᠨ ᠲᠣᠭᠤᠷᠢᠨ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠪᠠ᠃ ᠨᠢᠭᠡ ᠳᠤ᠂ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠪᠡ᠃ ᠨᠢᠭᠡ ᠲᠠᠯ᠎ᠠ ᠪᠠᠷ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠭᠠᠷᠳᠠᠴᠠ ᠪᠣᠯᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠨᠥᠭᠦᠭᠡ ᠲᠠᠯ᠎ᠠ ᠪᠠᠷ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠵᠢᠯ ᠤᠨ ᠳᠣᠲᠣᠷ᠎ᠠ ᠳᠣᠲᠣᠭᠠᠳᠤ ᠶᠢ ᠬᠠᠮᠠᠭᠠᠯᠠᠬᠤ ᠶᠠᠮᠤᠨ ᠲᠠᠢ ᠬᠠᠮᠲᠤᠷᠠᠨ 8 ᠵᠦᠢᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠬᠤᠶᠠᠷ ᠲᠤ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ ᠭᠡᠷᠡᠴᠢ᠂ ᠣᠨᠳᠣᠣ ᠭᠠᠵᠠᠷ ᠤᠨ ᠵᠢᠭᠡᠯᠡᠯᠭᠡ ᠶᠢᠨ ᠲᠤᠰᠢᠶᠠᠨ ᠬᠠᠳᠠᠭᠠᠯᠠᠭᠤᠯᠵᠤ ᠬᠡᠷᠡᠭᠯᠡᠭᠰᠡᠨ ᠭᠡᠷᠡᠴᠢ᠂ ᠵᠢᠭᠡᠯᠡᠯᠭᠡ ᠶᠢᠨ ᠳ᠋ᠦᠩᠨᠡᠨ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠴᠠᠭ ᠲᠤᠬᠠᠢ  ᠳᠤᠨᠢ ᠭᠠᠷᠭᠠᠵᠤ ᠥᠭᠬᠦ ᠶᠢ ᠪᠡᠶᠡᠯᠡᠭᠦᠯᠵᠦ᠂ ᠣᠨᠳᠣᠣ ᠭᠠᠵᠠᠷ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠨ ᠤ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠴᠢᠳᠠᠮᠵᠢ ᠶᠢ ᠰᠦᠯᠵᠢᠶᠡᠨ ᠳᠤ ᠣᠷᠣᠭᠤᠯᠵᠤ᠂ ᠲᠤᠰᠢᠶᠠᠨ ᠬᠠᠳᠠᠭᠠᠯᠠᠭᠤᠯᠤᠭᠴᠢ ᠳᠤ ᠳᠡᠭᠡᠷ᠎ᠡ ᠵᠢᠯ ᠤᠨ ᠬᠤᠪᠢ ᠬᠥᠮᠥᠨ ᠤ ᠲᠤᠰᠢᠶᠠᠨ ᠬᠠᠳᠠᠭᠠᠯᠠᠭᠤᠯᠵᠤ ᠬᠡᠷᠡᠭᠯᠡᠭᠰᠡᠨ ᠪᠠᠶᠢᠳᠠᠯ ᠢ ᠮᠡᠳᠡᠭᠳᠡᠨ᠎ᠡ᠃ ᠪᠥᠬᠦ ᠵᠢᠯ ᠳᠤ ᠨᠡᠶᠢᠲᠡ 1.05 ᠳ᠋ᠦᠩᠰᠢᠭᠤᠷ ᠬᠥᠮᠥᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ 165.43 ᠲᠦᠮᠡᠨ ᠬᠥᠮᠥᠨ ᠰᠦᠯᠵᠢᠶᠡᠨ ᠳᠡᠭᠡᠷ᠎ᠡ ᠣᠨᠳᠣᠣ ᠭᠠᠵᠠᠷ ᠲᠤ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 302. 99 ᠳ᠋ᠦᠩᠰᠢᠭᠤᠷ ᠲᠥᠭᠦᠷᠢᠭ ᠰᠢᠯᠵᠢᠭᠦᠯᠦᠨ ᠵᠠᠯᠭᠠᠭᠤᠯᠪᠠ᠃           ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠵᠤ᠂ ᠠᠵᠢᠯ ᠳᠦᠷᠦᠯ ᠤᠨ ᠬᠠᠮᠢᠶᠠᠷᠤᠯᠲᠠ ᠶᠢ ᠴᠢᠩᠭᠠᠳᠬᠠᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠠᠬᠤᠢ ᠪᠠᠶᠢᠳᠠᠯ ᠳᠣᠣᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠣ ᠭᠠᠵᠠᠷ ᠲᠤ ᠬᠠᠮᠵᠢᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠪᠣᠯ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠲᠤᠰᠢᠶᠠᠨ ᠬᠠᠳᠠᠭᠠᠯᠠᠭᠤᠯᠤᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠣᠨ᠎ᠠ᠃ ᠨᠢᠭᠡ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠪᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ᠂ ᠴᠧᠩᠳᠦ᠋ ᠴᠦᠩᠴᠢᠩ ᠭᠠᠵᠠᠷ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠪᠡᠶᠡᠯᠡᠭᠦᠯᠬᠦ ᠶᠢ ᠠᠬᠢᠭᠤᠯᠪᠠ᠃ ᠬᠤᠶᠠᠷ ᠲᠤ᠂ ᠭᠠᠵᠠᠷ ᠣᠷᠣᠨ ᠠᠯᠤᠰᠯᠠᠭᠰᠠᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠰᠧᠴᠤᠸᠠᠨ᠂ ᠵᠢᠶᠠᠩᠰᠤ᠂ ᠱᠠᠨᠳᠦ᠋ᠩ ᠢ ᠵᠣᠬᠢᠶᠠᠨ ᠪᠠᠶᠢᠭᠤᠯᠤᠨ ᠲᠣᠰ ᠪᠦᠷᠢ ᠲᠥᠪᠡᠳ᠂ ᠬᠥᠬᠡᠨᠠᠭᠤᠷ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠲᠠᠢ ︽ᠬᠤᠣᠰᠯᠠᠭᠤᠯᠵᠤ︾᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠭᠤᠷᠪᠠ ᠳᠤ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠠᠬᠢᠭᠤᠯᠪᠠ᠃ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠵᠦᠢᠯᠡᠰ 13 ᠪᠣᠯᠵᠤ ᠨᠡᠮᠡᠭᠳᠡᠪᠡ᠃ ᠡᠭᠦᠨ ᠤ ᠬᠠᠮᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠨᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠪᠡᠶᠡᠴᠢᠯᠡᠨ ᠣᠶᠢᠯᠠᠭᠠᠯᠲᠠ ᠦᠨᠡᠯᠡᠯᠲᠡ ᠵᠡᠷᠭᠡ ᠲᠠᠯ᠎ᠠ ᠶᠢᠨ ᠠᠵᠢᠯ ᠢ ᠴᠤ ᠦᠷᠭᠦᠯᠵᠢᠯᠡᠨ ᠠᠬᠢᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃              30 ᠭᠠᠷᠤᠢ ᠵᠢᠯ ᠤᠨ ᠲᠤᠷᠰᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ ᠶᠢ ᠳᠠᠭᠠᠯᠳᠤᠨ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠪᠡ᠃ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠬᠤᠪᠢᠷᠠᠯᠲᠠ ᠶᠢ ᠣᠨᠣᠪᠴᠢᠲᠠᠶ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠬᠦ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃           ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号