ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/7/2
     5 ᠰᠠᠷ᠎ᠠ ᠶᠢᠨ 31 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃            ᠨᠢᠭᠡ᠂ ᠬᠤᠷᠠᠯ ᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡ ᠳᠤ ︽ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠨᠢᠭᠤᠴᠠ ᠶᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠴᠠᠭ ᠢᠮᠠᠭᠲᠠ ᠰᠣᠨᠣᠷ ᠰᠡᠷᠡᠮᠵᠢ ᠪᠠ ᠰᠡᠷᠭᠡᠭ ᠴᠢᠨᠠᠷ ᠢᠶᠠᠨ ᠪᠠᠲᠤᠯᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ᠂ ᠨᠢᠭᠤᠴᠠ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠡᠯ᠎ᠡ ᠱᠠᠲᠤᠨ ᠤ ᠤᠳᠤᠷᠢᠳᠬᠤ ᠺᠠᠳ᠋ᠷ ᠪᠣᠯᠣᠨ ᠨᠢᠭᠤᠴᠠ ᠳᠤ ᠬᠤᠯᠪᠣᠭᠳᠠᠬᠤ ᠬᠥᠮᠥᠰ ᠤᠨ ᠨᠢᠭᠤᠴᠠ ᠶᠢ ᠬᠠᠮᠠᠭᠠᠯᠠᠬᠤ ᠬᠥᠮᠦᠵᠢᠯ ᠪᠣᠯᠪᠠᠰᠤᠷᠠᠯ ᠢ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠬᠤ ᠤᠷ᠎ᠠ ᠴᠢᠳᠠᠪᠤᠷᠢ ᠶᠢ ᠡᠵᠡᠮᠰᠢᠵᠦ᠂ ᠨᠢᠭᠤᠴᠠ ᠶᠢ ᠬᠠᠮᠠᠭᠠᠯᠠᠬᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠢ ᠡᠷᠡᠰ ᠰᠠᠬᠢᠵᠤ᠂ ᠤᠯᠠᠭᠠᠨ ᠱᠤᠭᠤᠮ ᠠᠴᠠ ᠳᠠᠪᠠᠭᠤ ᠦᠭᠡᠢ ᠪᠠᠶᠢᠬᠤ ᠬᠡᠷᠡᠭᠲᠡᠢ᠃ ᠭᠤᠷᠪᠠ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ᠂ ᠨᠢᠭᠤᠴᠠ ᠶᠢ ᠬᠠᠮᠠᠭᠠᠯᠠᠬᠤ ᠳᠦᠷᠢᠮ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠢᠭᠤᠴᠠ ᠶᠢ ᠬᠠᠮᠠᠭᠠᠯᠠᠬᠤ ᠠᠵᠢᠯ ᠤᠨ ᠪᠣᠯᠪᠠᠰᠤᠷᠠᠭᠤᠯᠤᠯ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠵᠢᠷᠤᠮᠯᠠᠬᠤ ᠳᠦᠷᠢᠮᠵᠢᠯ ᠲᠠᠢ ᠪᠠᠶᠢᠬᠤ ᠶᠢ ᠦᠨᠡᠨᠬᠦ ᠪᠠᠲᠤᠯᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠵᠢᠷᠤᠮᠵᠢᠭᠰᠠᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃        ᠬᠤᠶᠠᠷ᠂ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠠᠬᠢᠭᠤᠯᠵᠤ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠶᠡᠷᠦᠩᠬᠡᠢ ᠬᠠᠷᠢᠭᠤᠴᠠᠵᠤ᠂ ᠨᠢᠭᠡ ᠳᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠪᠥᠬᠦ ᠲᠠᠯ᠎ᠠ ᠪᠠᠷ ᠲᠤᠶᠢᠯᠪᠤᠷᠢᠲᠠᠢ ᠡᠮᠬᠢᠯᠡᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡ ᠬᠡᠷᠡᠭ ᠲᠤ ᠨᠢᠭᠡ ᠡᠬᠡ ᠲᠠᠩᠰᠠ ᠲᠣᠭᠲᠠᠭᠠᠵᠤ᠂ ᠰᠢᠯᠭᠠᠨ ᠠᠪᠬᠤ ᠪᠠᠷᠢᠮᠵᠢᠶ᠎ᠠ ᠶᠢ ᠲᠣᠭᠲᠠᠭᠠᠨ᠂ ᠬᠡᠷᠡᠭ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠠᠵᠢᠯ ᠢ ᠴᠢᠩᠭ᠎ᠠ ᠠᠩᠬᠠᠷᠬᠤ ᠬᠡᠷᠡᠭᠲᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠵᠢᠯ ᠤᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠡᠬᠡ ᠲᠠᠩᠰᠠ ᠶᠢᠨ ᠬᠡᠯᠪᠡᠷᠢ ᠪᠠᠷ ᠬᠠᠮᠢᠶᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡᠳ ᠨᠢᠭᠡ ᠪᠠᠷ ︽ᠡᠷᠭᠢᠵᠦ ᠬᠠᠷᠠᠬᠤ︾ ᠠᠵᠢᠯ ᠢ ᠬᠢᠵᠦ᠂ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠳᠠᠬᠢᠨ ᠰᠡᠷᠭᠦᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃          ᠬᠤᠷᠠᠯ ᠠᠴᠠ ᠪᠠᠯᠭᠠᠰᠤ ︵ᠵᠡᠭᠡᠯᠢ ᠭᠤᠳᠤᠮᠵᠢ︶ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠪᠠ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠪᠠ᠃          ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号