ᠬᠥᠬᠡᠬᠤᠲᠠ ᠶᠢᠨ ᠶᠣᠰᠣ ᠰᠤᠷᠲᠠᠬᠤᠨ ᠤ  ᠵᠢᠱᠢᠶᠡᠴᠢ ᠶᠢᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠠᠷᠠᠳ ᠤᠨ ᠵᠠᠮ ᠤᠨ ᠵᠡᠭᠡᠯᠢ ᠭᠤᠳᠤᠮᠵᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/22
     7 ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠠᠷᠠᠳ ᠤᠨ ᠵᠠᠮ ᠤᠨ ᠵᠡᠭᠡᠯᠢ ᠭᠤᠳᠤᠮᠵᠢ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠰᠠᠶᠢᠬᠠᠨ ᠲᠣᠭᠤᠷᠢᠭ ᠤᠨ ᠠᠷᠠᠳ ᠤᠨ ᠵᠠᠮ ᠤᠨ ᠵᠡᠭᠡᠯᠢ ᠭᠤᠳᠤᠮᠵᠢ ᠳᠤ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠳᠤ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢ ᠴᠧᠨ ᠵᠢᠦ ᠫᠢᠩ ᠪᠣᠯᠣᠨ ᠠᠷᠪᠠᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠭᠴᠢ ᠯᠢ ᠱᠤᠸᠠᠢ ᠶᠢ ᠤᠷᠢᠵᠠᠢ᠃            ᠡᠨᠡ ᠬᠤᠶᠠᠷ ᠶᠣᠰᠣ ᠮᠣᠷᠠᠯ ᠤᠨ ᠵᠢᠱᠢᠶᠡᠴᠢ ᠥᠪᠡᠷ ᠤᠨ ᠡᠳᠦᠷ ᠳᠤᠲᠤᠮ ᠤᠨ ᠦᠢᠯᠡ ᠠᠵᠢᠯᠯᠠᠭ᠎ᠠ ᠂ ᠠᠵᠢᠯ ᠦᠢᠯᠡᠰ᠂ ᠨᠡᠶᠢᠭᠡᠮ ᠤᠨ ᠡᠶ᠎ᠡ ᠵᠣᠬᠢᠴᠠᠯ ᠪᠠ ᠳᠠᠪᠰᠢᠯᠲᠠ ᠶᠢ ᠠᠬᠢᠭᠤᠯᠬᠤ ᠴᠢᠬᠤᠯᠠ ᠬᠦᠴᠦᠨ ᠪᠣᠯᠵᠤ᠂ ᠳᠡᠷᠭᠡᠳᠡᠬᠢ ᠬᠥᠮᠥᠰ ᠤᠨ ᠢᠶᠠᠨ ᠰᠤᠷᠤᠯᠴᠠᠬᠤ ᠶᠣᠰᠣ ᠰᠤᠷᠲᠠᠬᠤᠨ ᠤ ᠵᠢᠱᠢᠶᠡᠴᠢ ᠪᠣᠯᠵᠤ ᠴᠢᠳᠠᠨ᠎ᠠ᠃          ᠴᠠᠭ ᠦᠶ᠎ᠡ ᠳᠤ ᠠᠶᠠᠯᠠᠯ ᠤᠨ ᠲᠡᠮᠳᠡᠭ᠂ ᠨᠡᠶᠢᠭᠡᠮ ᠳᠤ ᠦᠯᠢᠭᠡᠷ ᠳᠠᠭᠤᠷᠢᠶᠠᠯ ᠴᠢᠬᠤᠯᠠᠲᠠᠢ᠃ ᠰᠠᠶᠢᠬᠠᠨ ᠲᠣᠭᠤᠷᠢᠭ ᠶᠣᠰᠣ ᠰᠤᠷᠲᠠᠬᠤᠨ ᠤ ᠵᠢᠱᠢᠶᠡᠴᠢ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ  ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠢ ᠳᠠᠮᠵᠢᠭᠤᠯᠤᠨ᠎ᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号