ᠬᠥᠬᠡᠬᠤᠲᠠ ᠶᠢᠨ ᠰᠠᠶᠢᠬᠠᠨ ᠲᠣᠭᠤᠷᠢᠭ ᠤᠨ 2024 ᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠡᠷᠡᠰ ᠤᠨ ᠨᠡᠶᠢᠲᠡᠯᠡᠯ ︵ᠨᠢᠭᠡᠳᠦᠭᠡᠷ ᠪᠦᠯᠦᠭ︶
ᠨᠡᠶᠢᠲᠡᠯᠡᠭᠰᠡᠨ ᠴᠠᠭ᠄
2024/7/22
       ᠬᠥᠬᠡᠬᠤᠲᠠ ᠶᠢᠨ ᠰᠠᠶᠢᠬᠠᠨ ᠲᠣᠭᠤᠷᠢᠭ ᠤᠨ 2024 ᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠡᠷᠡᠰ ᠤᠨ ᠨᠡᠶᠢᠲᠡᠯᠡᠯ ︵ᠨᠢᠭᠡᠳᠦᠭᠡᠷ ᠪᠦᠯᠦᠭ︶            ᠬᠠᠷᠢᠶ᠎ᠠ ᠣᠷᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠦᠬᠡᠳ ᠤᠨ ᠴᠡᠴᠡᠷᠯᠢᠭ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠲᠣᠬᠢᠷᠠᠬᠤ ᠨᠠᠰᠤᠨ ᠤ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠭᠤᠯᠢ ᠡᠷᠬᠢᠯᠡᠬᠦ ᠬᠢᠷᠢ ᠬᠡᠮ ᠲᠠᠢ ᠬᠡᠦᠬᠡᠳ ᠤᠨ ᠴᠡᠴᠡᠷᠯᠢᠭ ᠢ ᠰᠣᠩᠭᠤᠵᠤ ᠰᠤᠷᠤᠯᠴᠠᠭᠤᠯᠵᠤ᠂ ᠥᠷᠭᠡᠨ ᠣᠯᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠪᠣᠯᠣᠨ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠨ᠂ ᠮᠠᠨ ᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠮᠠᠨ ᠤ ᠣᠷᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠬᠠᠤᠯᠢ ᠶᠣᠰᠣᠨ ᠤ ᠦᠨᠡᠮᠯᠡᠯ ᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠳᠣᠣᠷᠠᠬᠢ ᠮᠡᠲᠦ ᠵᠠᠷᠯᠠᠶ᠎ᠠ ︵ᠨᠡᠷᠡᠰ ᠢ ᠳᠠᠭᠠᠯᠳᠤᠭᠤᠯᠤᠭᠰᠠᠨ ᠬᠦᠰᠦᠨᠦᠭᠲᠦ ᠳᠤ ᠦᠵᠡ︶᠃            ᠥᠷᠭᠡᠨ ᠣᠯᠠᠨ ᠭᠡᠷ ᠤᠨ ᠠᠬᠠᠮᠠᠳ ᠲᠤ ᠣᠨᠴᠠᠭᠠᠶᠢᠯᠠᠨ ᠰᠠᠨᠠᠭᠤᠯᠬᠤ ᠨᠢ᠂ ᠲᠠᠨ ᠤ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠪᠥᠬᠦ ᠲᠠᠯ᠎ᠠ ᠪᠠᠷ ᠬᠥᠭᠵᠢᠬᠦ ᠶᠢᠨ ᠲᠥᠯᠥᠭᠡ᠂ ᠬᠡᠦᠬᠡᠳ ᠲᠤ ᠰᠣᠷᠣᠭᠴᠢ ᠡᠯᠰᠡᠬᠦ ᠬᠢᠷᠢ ᠬᠡᠮ ᠲᠠᠢ ᠬᠡᠦᠬᠡᠳ ᠤᠨ ᠴᠡᠴᠡᠷᠯᠢᠭ ᠢ ᠰᠣᠩᠭᠤᠨ ᠰᠤᠷᠤᠯᠴᠠᠬᠤ ᠶᠢᠨ ᠬᠠᠮᠲᠤ ᠡᠯ᠎ᠡ ᠵᠦᠢᠯ ᠤᠨ ᠬᠡᠪ ᠤᠨ ᠪᠤᠰᠤ ᠬᠠᠷᠠᠭᠠᠯᠵᠠᠯ ᠪᠤᠶᠤ ᠦᠨ᠎ᠡ ᠪᠠᠭᠤᠷᠠᠭᠤᠯᠤᠨ ᠨᠥᠯᠥᠭᠡᠯᠡᠬᠦ ᠶᠢ ᠰᠡᠷᠡᠮᠵᠢᠯᠡᠵᠦ᠂ ᠲᠣᠭᠲᠠᠭᠠᠯ ᠠᠴᠠ ᠵᠥᠷᠢᠴᠡᠨ ᠬᠡᠦᠬᠡᠳ ᠤᠨ ᠴᠡᠴᠡᠷᠯᠢᠭ ᠡᠷᠭᠢᠯᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠵᠤ᠂ ᠬᠡᠦᠬᠡᠳ ᠤᠨ ᠴᠡᠴᠡᠷᠯᠢᠭ ᠤᠨ ᠬᠠᠭᠠᠵᠤ ᠵᠣᠭᠰᠣᠭᠠᠭᠰᠠᠨ ᠠᠴᠠ ᠪᠣᠯᠵᠤ ᠠᠵᠤ ᠠᠬᠤᠢ ᠶᠢᠨ ᠵᠢᠭᠤᠷᠠᠯᠳᠤᠭᠠᠨ᠂ ᠵᠥᠷᠢᠴᠡᠯ ᠵᠢᠭᠤᠷᠠᠯᠳᠤᠭᠠᠨ ᠡᠭᠦᠰᠬᠦ ᠠᠴᠠ ᠵᠠᠶᠢᠯᠠᠰᠬᠢᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠠᠴᠠ ᠵᠠᠶᠢᠯᠠᠰᠬᠢᠬᠦ ᠬᠡᠷᠡᠭᠲᠡᠢ᠃            ᠣᠨᠴᠠᠭᠠᠶᠢᠯᠠᠨ ᠵᠠᠷᠯᠠᠪᠠ                                                               ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                                                                      2024 ᠣᠨ ᠤ 7 ᠰᠠᠷ᠎ᠠ ᠶᠢᠨ 9 ᠤ ᠡᠳᠦᠷ            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号