ᠨᠠᠶᠢᠷᠠᠯ ᠳᠠᠭᠤᠤ ᠶᠢᠨ ᠤᠷᠤᠯᠳᠤᠭᠠᠨ ᠳᠤ ᠭᠤᠷᠪᠠᠨ ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/7/22
     7 ᠰᠠᠷ᠎ᠠ ᠶᠢᠨ 19 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠨᠠᠶᠢᠷ ᠤᠨ ᠱᠠᠩᠨᠠᠯ ᠣᠯᠭᠤᠬᠤ ᠶᠣᠰᠣᠯᠠᠯ ᠤᠯᠤᠰ ᠤᠨ ᠨᠣᠮ ᠤᠨ ᠰᠠᠩ ᠤᠨ ᠤᠷᠠᠯᠢᠭ ᠤᠨ ᠲᠥᠪ ᠤᠨ ᠳᠠᠭᠤᠤ ᠬᠥᠭᠵᠢᠮ ᠤᠨ ᠲᠢᠩᠬᠢᠮ ᠳᠤ ᠶᠠᠪᠤᠭᠳᠠᠪᠠ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠠᠷᠠᠳ ᠤᠨ ᠳᠠᠭᠤᠤ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠨᠠᠶᠢᠷᠠᠯ ᠳᠠᠭᠤᠤ ᠶᠢᠨ ᠪᠦᠯᠭᠦᠮ᠂ ᠨᠠᠰᠤᠨ ᠳᠤ ᠭᠦᠷᠦᠭᠰᠡᠳ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠨᠠᠶᠢᠷᠠᠯ ᠳᠠᠭᠤᠤ ᠶᠢᠨ ᠪᠦᠯᠭᠦᠮ᠂ ︽ᠢᠷᠠᠭᠤ ᠠᠶᠠᠯᠭᠤᠲᠤ︾ ᠨᠠᠶᠢᠷᠠᠯ ᠳᠠᠭᠤᠤ ᠶᠢᠨ ᠪᠦᠯᠭᠦᠮ ᠵᠡᠷᠭᠡ ᠭᠤᠷᠪᠠᠨ ᠲᠥᠷᠥᠯ ᠤᠨ ᠢᠷᠠᠭᠤ ᠠᠯᠳᠠᠷ ᠤᠨ ᠴᠣᠯᠠ ᠭᠦᠷᠲᠡᠪᠡ᠃
     ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠨᠠᠶᠢᠷ ᠪᠣᠯ ᠠᠽᠢᠶ᠎ᠠ ᠨᠣᠮᠣᠬᠠᠨ ᠳᠠᠯᠠᠢ ᠶᠢᠨ ᠪᠦᠰᠡ ᠨᠤᠲᠤᠭ ᠤᠨ ᠴᠠᠷᠠᠭ᠎ᠠ ᠬᠦᠷᠢᠶ᠎ᠡ ᠪᠠᠷ ᠬᠠᠮᠤᠭ ᠤᠨ ᠶᠡᠭᠡ᠂ ᠳᠡᠰ ᠵᠢᠩᠳᠠᠭ᠎ᠠ ᠪᠠᠷ ᠬᠠᠮᠤᠭ ᠤᠨ ᠥᠨᠳᠥᠷ ᠣᠯᠠᠨ ᠤᠯᠤᠰ ᠤᠨ ᠨᠠᠶᠢᠷᠠᠯ ᠳᠠᠭᠤᠤ ᠶᠢᠨ ᠤᠷᠠᠯᠢᠭ ᠤᠨ ᠨᠠᠭᠠᠳᠤᠮ ᠶᠤᠮ᠃ ᠲᠤᠰ ᠤᠳᠠᠭᠠᠨ ᠤ ᠤᠷᠤᠯᠳᠤᠭᠠᠨ ᠳᠤ ᠪᠦᠭᠦ ᠪᠥᠮᠪᠥᠷᠴᠡᠭ ᠤᠨ ᠲᠠᠪᠤᠨ ᠲᠢᠪ᠂ 31 ᠤᠯᠤᠰ ᠪᠠ ᠭᠠᠵᠠᠷ ᠣᠷᠣᠨ ᠠᠴᠠ ᠢᠷᠡᠭᠰᠡᠨ ᠨᠠᠶᠢᠷᠠᠯ ᠳᠠᠭᠤᠤ ᠶᠢᠨ ᠰᠣᠳᠣᠴᠤᠤᠯ ᠪᠡᠭᠡᠵᠢᠩ ᠳᠤ ᠴᠤᠭᠯᠠᠷᠠᠵᠤ᠂ ᠲᠤᠰ ᠨᠠᠶᠢᠷ ᠲᠤ ᠣᠷᠣᠯᠴᠠᠬᠰᠠᠨ ᠶᠤᠮ᠃      7 ᠰᠠᠷ᠎ᠠ ᠶᠢᠨ 16 ᠤ ᠡᠳᠦᠷ᠂ ᠠᠷᠠᠳ ᠤᠨ ᠳᠠᠭᠤᠤ ᠶᠢᠨ ᠳᠤᠭᠤᠶᠢᠯᠠᠩ ᠤᠨ ᠤᠷᠤᠯᠳᠤᠭᠠᠨ ᠡᠩ ᠲᠡᠷᠢᠭᠦᠨ ᠳᠤ ᠡᠬᠢᠯᠡᠵᠦ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ︽ᠥᠨᠥᠴᠢᠨ ᠴᠠᠭᠠᠨ ᠪᠣᠲᠣᠭᠤ︾ ᠵᠡᠷᠭᠡ ᠬᠤᠶᠠᠷ ᠪᠦᠲᠦᠭᠡᠯ ᠢᠶᠠᠨ ᠡᠷᠭᠦᠵᠦ᠂ ᠲᠤᠬᠠᠢ ᠶᠢᠨ ᠲᠠᠯᠠᠪᠠᠢ ᠶᠢᠨ ᠬᠢᠨᠠᠨ ᠰᠢᠯᠭᠠᠷᠠᠭᠤᠯᠬᠤ ᠺᠣᠮᠢᠰ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠠᠢ︔ 7 ᠰᠠᠷ᠎ᠠ ᠶᠢᠨ 17 ᠤ ᠡᠳᠦᠷ᠂ ᠨᠠᠰᠤᠨ ᠳᠤ ᠭᠦᠷᠦᠭᠰᠡᠳ ᠤᠨ ᠳᠤᠭᠤᠶᠢᠯᠠᠩ ᠤᠨ ᠤᠷᠤᠯᠳᠤᠭᠠᠨ ᠳᠤ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠤᠨ ᠬᠢᠨ ︽ᠲᠣᠶᠢᠭ︾ ᠵᠡᠷᠭᠡ ᠬᠤᠶᠠᠷ ᠳᠠᠭᠤᠤ ᠶᠢ ᠳᠠᠭᠤᠯᠠᠪᠠ᠃ ᠬᠤᠶᠠᠷ ᠲᠠᠯᠠᠪᠠᠢ ᠤᠷᠤᠯᠳᠤᠭᠠᠨ ᠳᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠲᠡᠭᠦᠰ ᠰᠠᠶᠢᠬᠠᠨ ᠢᠯᠡᠷᠡᠯ ᠢᠶᠠᠷ ᠢᠶᠠᠨ ᠪᠦᠭᠦ ᠪᠥᠮᠪᠥᠷᠴᠡᠭ ᠤᠨ 306 ᠰᠢᠯᠢᠳᠡᠭ ᠨᠠᠶᠢᠷᠠᠯ ᠳᠠᠭᠤᠤ ᠶᠢᠨ ᠪᠦᠯᠭᠦᠮ ᠠᠴᠠ ᠴᠣᠯᠭᠤᠷᠠᠨ ᠭᠠᠷᠴᠤ᠂ ᠲᠤᠰ ᠲᠤᠰ ᠬᠤᠶᠠᠷ ᠳᠤᠭᠤᠶᠢᠯᠠᠩ ᠤᠨ ᠬᠠᠮᠤᠭ ᠤᠨ ᠥᠨᠳᠥᠷ ᠬᠤᠪᠢ ᠶᠢ ᠣᠯᠵᠤ᠂ ᠨᠢᠭᠡᠳᠦᠭᠡᠷ ᠳᠡᠰ ᠤᠨ ᠨᠠᠶᠢᠷᠠᠯ ᠳᠠᠭᠤᠤ ᠶᠢᠨ ᠪᠦᠯᠭᠦᠮ ᠢᠶᠠᠷ ᠦᠨᠡᠯᠡᠭᠳᠡᠨ᠂ ᠲᠤᠰ ᠤᠳᠠᠭ᠎ᠠ ᠶᠢᠨ ᠤᠷᠤᠯᠳᠤᠭᠠᠨ ᠤ ᠬᠠᠮᠤᠭ ᠥᠨᠳᠥᠷ ᠳᠡᠰ ᠤᠨ ᠱᠠᠩᠨᠠᠯ ᠪᠤᠯᠬᠤ ︽ᠢᠷᠠᠭᠤ ᠠᠶᠠᠯᠭᠤᠲᠤ︾ ᠨᠠᠶᠢᠷᠠᠯ ᠳᠠᠭᠤᠤ ᠶᠢᠨ ᠪᠦᠯᠭᠦᠮ ᠤᠨ ᠢᠷᠠᠭᠤ ᠠᠯᠳᠠᠷ ᠢ ᠭᠦᠷᠲᠡᠪᠡ᠃
     ᠰᠢᠯᠭᠠᠷᠠᠭᠤᠯᠬᠤ ᠺᠣᠮᠢᠰ ᠤᠨ ᠭᠡᠰᠢᠭᠦᠨ ᠦ᠋ ᠺᠧ ᠸᠧᠢ᠄ ︽ᠥᠪᠥᠷ ᠮᠣᠩᠭᠤᠯ ᠤᠨ ᠨᠠᠶᠢᠷᠠᠯ ᠳᠠᠭᠤᠤ ᠶᠢᠨ ᠬᠠᠮᠤᠭ ᠤᠨ ᠶᠡᠭᠡ ᠣᠨᠴᠠᠯᠢᠭ ᠪᠣᠯ ᠳᠠᠷᠤᠢ ᠣᠷᠣᠨ ᠨᠤᠲᠤᠭ ᠤᠨ ᠣᠨᠴᠠᠯᠢᠭ ᠢᠶᠠᠷ ᠪᠢᠯᠬᠠᠮ᠎ᠠ᠂ ᠵᠣᠬᠢᠶᠠᠯ ᠪᠦᠲᠦᠭᠡᠯ ᠤᠨ ᠰᠦᠷ ᠵᠢᠪᠬᠤᠯᠠᠩ ᠤᠨ ᠲᠠᠯ᠎ᠠ ᠪᠠᠷ᠂ ᠳᠠᠭᠤᠯᠠᠬᠤ ᠬᠡᠪ ᠨᠠᠮᠪᠠ ᠶᠢᠨ ᠲᠠᠯ᠎ᠠ ᠪᠠᠷ ᠣᠯᠠᠨ ᠤᠯᠤᠰ ᠤᠨ ᠴᠢᠨᠠᠷᠲᠠᠢ ᠥᠩᠭᠡ ᠪᠤᠳᠤᠭ ᠲᠠᠢ ᠪᠠᠶᠢᠳᠠᠭ︾ ᠭᠡᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号