ᠰᠠᠶᠢᠬᠠᠨ ᠲᠣᠭᠤᠷᠢᠭ ︽ᠡᠷᠡᠭᠦᠦ ᠶᠢᠨ ᠬᠡᠷᠡᠭ ᠢ ᠦᠯᠦ ᠵᠠᠭᠠᠯᠳᠤᠬᠤ ᠪᠠᠷ ᠲᠥᠯᠥᠪᠯᠡᠵᠦ ᠪᠠᠶᠢᠭ᠎ᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠰᠢᠨ᠎ᠡ ᠵᠠᠭᠪᠤᠷ ᠢ ᠡᠬᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/7/23
     ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠷᠡᠭᠦᠦ ᠰᠢᠢᠳᠬᠡᠯ ᠤᠨ ᠪᠤᠰᠤ ᠲᠣᠷᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ ᠶᠢᠨ ᠲᠤᠰᠠᠳᠠ᠂ 7 ᠳ᠋ᠤᠭᠠᠷ ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ ︽ᠡᠷᠡᠭᠦᠦ ᠶᠢᠨ ᠬᠡᠷᠡᠭ ᠢ ᠬᠥᠩᠭᠡᠪᠲᠦᠷ ᠡᠷᠡᠭᠦᠦ ᠶᠢᠨ ᠬᠡᠷᠡᠭ ᠢ ᠦᠯᠦ ᠵᠠᠭᠠᠯᠳᠤᠬᠤ ᠪᠠᠷ ᠪᠠᠶᠢᠭ᠎ᠠ ᠬᠥᠮᠥᠰ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ︽ᠰᠠᠨᠠᠯ︾ ᠭᠡᠵᠦ ᠲᠣᠪᠴᠢᠯᠠᠨ᠎ᠠ︶ ᠳᠤ ᠬᠠᠮᠲᠤᠷᠠᠨ ᠭᠠᠷ ᠤᠨ ᠥᠰᠥᠭ ᠵᠢᠷᠤᠬᠤ ᠠᠵᠢᠯᠯᠠᠭ᠎ᠠ ᠶᠢ ᠡᠷᠭᠢᠯᠡᠪᠡ᠃ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠬᠤᠶᠠᠷ ᠲᠠᠯ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠬᠤ ᠬᠤᠷᠠᠯ ᠵᠢᠴᠢ ᠬᠠᠮᠲᠤᠷᠠᠨ ᠭᠠᠷ ᠤᠨ ᠦᠰᠦᠭ ᠵᠢᠷᠤᠬᠤ ᠠᠵᠢᠯᠯᠠᠭ᠎ᠠ ᠳᠤ ᠣᠷᠣᠯᠴᠠᠪᠠ᠃
           ︽ᠰᠠᠨᠠᠯ︾ ᠤᠨ ᠲᠤᠬᠠᠢ ᠨᠡᠶᠢᠲᠡ ᠠᠷᠪᠠᠨ ᠳᠥᠷᠪᠡᠳᠦᠭᠡᠷ ᠵᠦᠢᠯ᠂ ᠵᠠᠯᠠᠷᠠᠭᠤᠯᠬᠤ ᠴᠢᠨᠠᠷᠲᠠᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ ᠲᠣᠪᠤᠶᠢᠯᠭᠠᠨ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠬᠢᠷᠠᠬᠤ ᠡᠲᠡᠭᠡᠳ᠂ ᠠᠵᠢᠯ ᠤᠨ ᠠᠭᠤᠯᠭ᠎ᠠ᠂ ᠰᠢᠯᠭᠠᠨ ᠦᠨᠡᠯᠡᠬᠦ ᠳᠦᠷᠢᠮ᠂ ᠬᠢᠨᠠᠯᠲᠠ ᠲᠠᠯᠪᠢᠬᠤ ᠲᠣᠭᠲᠠᠴᠠ ᠵᠢᠴᠢ ᠡᠳᠦᠷ ᠲᠤᠲᠤᠮ ᠤᠨ ᠬᠠᠮᠵᠢᠯᠴᠠᠨ ᠰᠣᠯᠢᠯᠴᠠᠬᠤ ᠲᠣᠭᠲᠠᠴᠠ ᠵᠡᠷᠭᠡ ᠲᠠᠯ᠎ᠠ ᠪᠠᠷ ᠪᠣᠳᠠᠲᠠᠢ ᠲᠣᠭᠲᠠᠭᠠᠯ ᠭᠠᠷᠭᠠᠪᠠ᠃ ︽ᠰᠠᠨᠠᠯ︾ ᠳᠤ ᠡᠷᠡᠭᠦᠦ ᠶᠢᠨ ᠬᠡᠷᠡᠭ ᠤᠨ ᠬᠥᠩᠭᠡᠨ ᠶᠠᠯᠠᠲᠤ ᠠᠵᠢᠯᠯᠠᠭ᠎ᠠ ᠶᠢ ᠦᠯᠦ ᠵᠠᠭᠠᠯᠳᠤᠬᠤ ᠪᠠᠷ ᠲᠥᠯᠥᠪᠯᠡᠵᠦ ᠪᠠᠶᠢᠭ᠎ᠠ ᠬᠥᠮᠥᠰ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢᠨ ᠶᠠᠯ᠎ᠠ ᠪᠠ ᠵᠠᠰᠠᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠨᠢᠭᠡ ᠴᠣᠭᠴᠠᠵᠢᠭᠤᠯᠤᠨ ᠰᠢᠢᠳᠪᠦᠷᠢᠯᠡᠵᠦ᠂ ᠨᠡᠶᠢᠭᠡᠮ ᠤᠨ ᠬᠠᠷᠢᠴᠠᠭ᠎ᠠ ᠶᠢ ᠰᠡᠷᠭᠦᠭᠡᠬᠦ ᠪᠠ ᠵᠠᠰᠠᠯᠲᠠ ᠶᠢᠨ ᠥᠪᠡᠷ ᠤᠨ ᠥᠷᠲᠡᠭ ᠢ ᠠᠷᠪᠢᠯᠠᠨ ᠭᠠᠮᠨᠠᠵᠤ᠂ ᠬᠤᠶᠠᠷ ᠲᠠᠯ᠎ᠠ ᠪᠠᠷ ᠢᠶᠠᠨ ᠠᠰᠢᠭ ᠣᠯᠵᠤ ᠣᠯᠠᠨ ᠲᠠᠯ᠎ᠠ ᠪᠠᠷ ᠠᠰᠢᠭ ᠣᠯᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡ᠃
     ᠲᠣᠰ ᠤᠳᠠᠭᠠᠨ ᠤ ᠬᠠᠮᠲᠤ ᠶᠢᠨ ᠭᠡᠷ᠎ᠡ ᠲᠣᠭᠲᠠᠬᠤ ᠠᠵᠢᠯᠯᠠᠭ᠎ᠠ ᠨᠢ ᠰᠠᠶᠢᠬᠠᠨ ᠲᠣᠭᠤᠷᠢᠭ ᠤᠨ ᠬᠠᠤᠯᠢ ᠪᠠᠷ ᠣᠷᠣᠨ ᠢᠶᠠᠨ ᠵᠠᠰᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠪᠠ ᠦᠨᠳᠦᠰᠦᠨ ᠱᠠᠲᠤᠨ ᠤ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠰᠢᠨ᠎ᠡ ᠵᠠᠭᠪᠤᠷ ᠢ ᠡᠬᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠵᠤ᠂ ︽ᠬᠥᠩᠭᠡᠨ ᠡᠷᠡᠭᠦᠦ ᠶᠢᠨ ᠬᠡᠷᠡᠭ ᠢ ᠦᠯᠦ ᠵᠠᠭᠠᠯᠳᠤᠬᠤ ᠪᠠᠷ ᠲᠥᠯᠥᠪᠯᠡᠵᠦ ᠪᠠᠶᠢᠭ᠎ᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠤ᠂ ᠬᠥᠮᠥᠨ ᠪᠦᠬᠦᠨ ᠬᠠᠤᠯᠢ ᠶᠢ ᠰᠠᠬᠢᠬᠤ᠂ ᠨᠡᠶᠢᠲᠡ ᠶᠢᠨ ᠲᠥᠯᠥᠭᠡ ᠢᠳᠡᠪᠬᠢᠲᠡᠢ ᠠᠵᠢᠯᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号