ᠰᠠᠶᠢᠬᠠᠨ ᠲᠣᠭᠤᠷᠢᠭ ᠭᠤᠣᠯᠳᠠᠯᠭ᠎ᠠ ᠲᠠᠢ ᠲᠦᠷᠦᠯ ᠵᠦᠢᠯ ᠤᠨ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠭᠦᠨᠵᠡᠭᠡᠢ ᠵᠣᠯᠭᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/7/23
     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷ ᠠᠰᠠᠭᠤᠳᠠᠯ ᠢ ᠣᠨᠤᠪᠴᠢᠲᠠᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠪᠠ ᠣᠷᠣᠨ ᠪᠦᠰᠡ ᠶᠢᠨ ᠠᠵᠤ ᠠᠬᠤᠢ ᠶᠢ ᠪᠥᠬᠦ ᠲᠠᠯ᠎ᠠ ᠪᠠᠷ ᠳᠡᠰ ᠳᠡᠪᠰᠢᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠰᠠᠶᠢᠬᠠᠨ ᠲᠣᠭᠤᠷᠢᠭ ᠲᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠡᠷᠭᠢᠯᠡᠪᠡ᠃ ᠬᠤᠷᠠᠯ ᠠᠴᠠ ᠲᠣᠭᠤᠷᠢᠭ ᠤᠨ ᠳᠣᠲᠣᠷᠠᠬᠢ ᠨᠠᠢᠮᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ  ᠲᠣᠭᠤᠷᠢᠭ ᠤᠨ ᠬᠠᠷᠢᠶ᠎ᠠ ᠵᠢᠷᠭᠤᠭᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠴᠤᠭᠯᠠᠷᠠᠭᠤᠯᠵᠤ᠂ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠪᠡ᠃
             ᠬᠤᠷᠠᠯ ᠳᠡᠭᠡᠷ᠎ᠡ᠂ ᠢᠷᠡᠭᠡᠳᠦᠢ ᠶᠢᠨ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢᠨ ᠺᠣᠮᠫᠠᠨᠢ ᠪᠣᠯᠣᠨ ᠬᠠᠩ ᠺᠠᠢ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠥᠪᠡᠷ ᠤᠨ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠶᠢᠨ ᠪᠠᠶᠢᠳᠠᠯ ᠢᠶᠠᠨ ᠳᠡᠯᠭᠡᠨ ᠦᠵᠡᠭᠦᠯᠦᠭᠰᠡᠨ ᠪᠥᠭᠡᠳ ᠣᠳᠣᠬᠠᠨ ᠤ ᠭᠤᠣᠯᠳᠠᠯᠭ᠎ᠠ ᠲᠠᠢ ᠲᠥᠷᠥᠯ ᠵᠦᠢᠯ ᠳᠤ ᠲᠤᠯᠭᠠᠷᠠᠵᠤ ᠪᠠᠶᠢᠭ᠎ᠠ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠥᠷᠢᠰᠦᠯᠳᠦᠭᠡᠨ ᠢ ᠭᠦᠨᠵᠡᠭᠡᠢ ᠵᠠᠳᠠᠯᠪᠠ᠃ ᠡᠭᠦᠨ ᠤ ᠬᠠᠮᠲᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠳᠡᠪᠬᠢᠲᠡᠢ ᠴᠤᠤᠷᠢᠶᠠᠲᠤᠨ ᠳᠠᠭᠠᠵᠤ᠂ ᠠᠵᠤ ᠠᠬᠤᠶᠢᠯᠠᠯ ᠤᠨ ᠦᠰᠦᠨ ᠪᠣᠶᠢᠵᠢᠬᠤ ᠶᠢ ᠳᠡᠮᠵᠢᠬᠦ ᠮᠥᠩᠭᠦᠨ ᠭᠦᠢᠯᠭᠡᠭᠡᠨ ᠤ ᠰᠢᠷᠢᠰ ᠲᠥᠷᠥ ᠶᠢᠨ ᠪᠣᠳᠣᠯᠭ᠎ᠠ ᠬᠢᠭᠡᠳ ᠦᠢᠯᠡᠳᠬᠦᠨ ᠤ ᠲᠥᠰᠥᠯ ᠢ ᠨᠠᠷᠢᠨ ᠲᠠᠨᠢᠯᠴᠠᠭᠤᠯᠵᠤ᠂ ᠢᠯᠠᠩᠭᠤᠶ᠎ᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠨᠴᠠᠯᠢᠭᠲᠤ ᠲᠥᠷᠥᠯ ᠵᠦᠢᠯ ᠳᠤ ᠴᠢᠭᠯᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠵᠠᠭᠪᠤᠷ ᠢ ᠨᠠᠷᠢᠨ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠪᠡᠯᠡ ᠮᠥᠩᠭᠦ ᠴᠤᠭᠯᠠᠭᠤᠯᠬᠤ ᠠᠷᠭ᠎ᠠ ᠪᠣᠳᠣᠯᠭ᠎ᠠ᠂ ᠦᠢᠯᠡᠴᠢᠯᠡᠭᠡ ᠶᠢ ᠰᠢᠯᠢᠳᠡᠭᠵᠢᠭᠦᠯᠬᠦ ᠵᠢᠴᠢ ᠬᠠᠮᠲᠤᠷᠠᠯᠴᠠᠭᠠᠨ ᠤ ᠨᠠᠷᠢᠨ ᠵᠦᠢᠯᠡᠰ ᠤᠨ ᠲᠤᠬᠠᠢ ᠭᠦᠨᠵᠡᠭᠡᠢ ᠪᠥᠭᠡᠳ ᠨᠠᠷᠢᠨ ᠨᠢᠭᠲᠠ ᠨᠢᠭᠤᠷᠳᠠᠨ ᠶᠠᠷᠢᠯᠴᠠᠵᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠡᠶ᠎ᠡ ᠨᠠᠶᠢᠷᠲᠠᠢ ᠪᠣᠯᠪᠠ᠃             ᠬᠤᠷᠠᠯ ᠠᠴᠠ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢᠨ ᠡᠮᠦᠨ᠎ᠡ᠂ ᠡᠯ᠎ᠡ ᠲᠠᠯ᠎ᠠ ᠶᠢᠨ ᠬᠢᠨ ᠭᠠᠷ ᠬᠤᠯᠪᠣᠨ ᠵᠡᠷᠭᠡ ᠪᠠᠷ ᠤᠷᠤᠭᠰᠢᠯᠠᠵᠤ᠂ ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠶᠢᠨ ᠤᠯᠠᠨ ᠡᠰᠢᠴᠢᠯᠡᠭᠰᠡᠨ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠣᠯᠣᠨ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠰᠢᠨᠡᠴᠢᠯᠡᠵᠦ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢᠨ ᠦᠨᠳᠦᠰᠦ ᠶᠢ ᠲᠡᠵᠢᠭᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠶᠢᠨ ᠪᠣᠭᠤᠮᠢ ᠶᠢ ᠰᠢᠢᠳᠪᠦᠷᠢᠯᠡᠨ᠂ ᠠᠵᠤ ᠠᠬᠤᠢ ᠶᠢᠨ ᠴᠡᠴᠡᠭᠯᠡᠯᠲᠡ ᠶᠢᠨ ᠪᠠᠲᠤ ᠪᠠᠬᠢ ᠰᠠᠭᠤᠷᠢ ᠶᠢ ᠬᠠᠮᠲᠤ ᠪᠠᠷ ᠪᠠᠬᠢᠵᠢᠭᠦᠯᠪᠡᠯ ᠵᠣᠬᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠴᠤ ᠲᠣᠰ ᠪᠡᠶ᠎ᠡ ᠶᠢᠨ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠳᠣ ᠬᠤᠭᠤᠴᠠᠭᠠᠨ ᠤ ᠢᠲᠡᠭᠡᠮᠵᠢ ᠪᠠ ᠨᠠᠩ ᠶᠡᠭᠡ ᠬᠡᠪᠴᠢᠶᠡᠨ ᠤ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃          ᠣᠳᠣᠬᠠᠨ ᠳᠤ᠂ ᠰᠠᠶᠢᠬᠠᠨ ᠲᠣᠭᠤᠷᠢᠭ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠥᠷᠨᠢᠯᠲᠡ ᠶᠢᠨ ᠬᠤᠭᠤᠴᠠᠭᠠᠨ ᠳᠤ ᠣᠷᠣᠰᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠬᠥᠭᠵᠢᠯᠲᠡ ᠶᠢᠨ ᠣᠷᠣᠨ ᠵᠠᠢ ᠬᠢᠵᠠᠭᠠᠷ ᠦᠭᠡᠢ ᠥᠷᠭᠡᠨ ᠠᠭᠤᠳᠠᠮ᠂ ᠡᠯ᠎ᠡ ᠲᠥᠷᠥᠯ ᠤᠨ ᠬᠦᠴᠦᠨ ᠵᠦᠢᠯ ᠲᠦᠷᠭᠡᠨ ᠨᠢᠭᠲᠠᠷᠠᠪᠠ᠃ ᠡᠯ᠎ᠡ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠡᠦᠬᠡ ᠶᠢᠨ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭᠠᠨ ᠤ ᠬᠠᠷᠠᠭ᠎ᠠ ᠪᠠᠨ ᠥᠷᠭᠡᠳᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠭᠦᠨᠵᠡᠭᠡᠶᠢᠷᠡᠭᠦᠯᠵᠦ᠂ ᠨᠡᠩ ᠥᠷᠭᠡᠨ ᠳᠡᠯᠭᠡᠷ᠂ ᠭᠦᠨ ᠳᠠᠪᠬᠤᠷᠭ᠎ᠠ ᠶᠢᠨ ᠬᠦᠷᠢᠶᠡᠨ ᠳᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠮᠥᠩᠭᠦᠨ ᠭᠦᠢᠯᠭᠡᠭᠡ ᠪᠣᠯᠣᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠬᠠᠮᠲᠤ ᠪᠠᠷ ᠠᠬᠢᠭᠤᠯᠵᠤ᠂ ᠰᠠᠶᠢᠨ ᠰᠠᠶᠢᠬᠠᠨ ᠬᠤᠷᠰᠢᠯᠴᠠᠬᠤ᠂ ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠮᠥᠩᠭᠦᠨ ᠭᠦᠢᠯᠭᠡᠭᠡ ᠬᠢᠭᠡᠳ ᠠᠵᠤ ᠦᠢᠯᠡᠰ ᠤᠨ ᠬᠤᠣᠰ ᠴᠢᠭᠯᠡᠯ ᠢᠶᠠᠷ ᠡᠨᠧᠷᠭᠢ ᠣᠯᠭᠤᠬᠤ ᠪᠠᠷ ᠳᠠᠮᠵᠢᠭᠤᠯᠤᠨ᠂ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号