ᠰᠠᠶᠢᠬᠠᠨ ᠲᠣᠭᠤᠷᠢᠭ᠄  ᠤᠯᠠᠭᠠᠨ ᠪᠦᠴᠡᠲᠡᠨ ᠤ ᠡᠬᠡ ᠤᠯᠤᠰ ᠢᠶᠠᠨ ᠬᠠᠶᠢᠷᠠᠯᠠᠬᠤ ᠭᠤᠣᠯ ᠰᠡᠳᠦᠪᠲᠦ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/23
      ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠬᠠᠮᠲᠤᠷᠠᠨ ᠨᠢᠭᠡ ᠤᠳᠠᠭᠠᠨ ᠤ ᠣᠨᠴᠠᠭᠠᠶ ᠠᠵᠢᠯᠯᠠᠭ᠎ᠠ ᠥᠷᠨᠢᠭᠦᠯᠪᠡ -  ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ 3ᠳ᠋ᠤᠭᠠᠷ ᠠᠩᠭᠢ ᠪᠠ 7 ᠳ᠋ᠤᠭᠠᠷ ᠠᠩᠭᠢ ᠶᠢᠨ 40 ᠭᠠᠷᠤᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠵᠢᠭᠰᠠᠭᠠᠯ ᠤᠨ ᠭᠠᠵᠠᠷ ᠲᠤ ᠬᠦᠷᠴᠦ ᠨᠢᠭᠡᠳᠦᠯᠲᠡᠢ ᠬᠤᠪᠴᠠᠰᠤᠯᠠᠵᠤ᠂ ᠤᠯᠠᠭᠠᠨ ᠪᠦᠴᠡ ᠨᠠᠮᠢᠷᠠᠨ᠂ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠡᠪᠦᠷᠯᠡᠨ᠂ ᠲᠤᠰ ᠤᠳᠠᠭᠠᠨ ᠤ ᠰᠤᠷᠭᠠᠨ ᠬᠥᠮᠦᠵᠢᠯ ᠤᠨ ᠠᠴᠢ ᠬᠤᠯᠪᠣᠭᠳᠠᠯ ᠪᠢᠯᠬᠠᠭᠰᠠᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃
      ᠪᠠᠭᠰᠢ ᠶᠢᠨ ᠳᠠᠭᠠᠭᠤᠯᠭ᠎ᠠ ᠳᠣᠣᠷ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠩᠭᠠᠷᠢᠭᠯᠠᠵᠤ᠂ ᠡᠷᠡᠰ ᠪᠠᠲᠤ ᠲᠠᠩᠭᠠᠷᠢᠭ ᠤᠨ ᠳᠤᠮᠳᠠ ᠰᠤᠷᠤᠭᠴᠢᠳ ᠤᠨ ᠴᠢᠷᠮᠠᠶᠢᠨ ᠰᠤᠷᠤᠯᠴᠠᠵᠤ᠂ ᠡᠷᠡᠭᠦᠯ ᠢᠶᠠᠷ ᠦᠰᠦᠨ ᠪᠣᠶᠢᠵᠢᠬᠤ ᠡᠷᠡᠰ ᠵᠣᠷᠢᠭ ᠢ ᠡᠪᠦᠷᠯᠡᠵᠦ᠂ ᠡᠬᠡ ᠤᠯᠤᠰ ᠢᠶᠠᠨ ᠬᠠᠶᠢᠷᠠᠯᠠᠬᠤ ᠪᠠ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠲᠠᠢ  ᠪᠣᠯᠤᠨ᠎ᠠ᠃
      ᠠᠵᠢᠯᠯᠠᠭ᠎ᠠ ᠶᠢᠨ ᠳᠤᠮᠳᠠ ᠨᠠᠶᠢᠷᠠᠯ ᠳᠠᠭᠤᠤ ᠪᠠᠷ ᠬᠡᠦᠬᠡᠳ ᠤᠳ ᠡᠬᠡ ᠤᠯᠤᠰ ᠢᠶᠠᠨ ᠬᠠᠶᠢᠷᠠᠯᠠᠬᠤ ᠪᠠ ᠨᠠᠮ ᠳᠠᠭᠠᠨ ᠲᠠᠯᠠᠷᠬᠠᠬᠤ ᠰᠡᠳᠬᠢᠯᠭᠡ ᠪᠠᠨ ᠢᠯᠡᠳᠭᠡᠵᠦ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠰᠢᠩᠭᠡᠵᠦ᠂ ᠬᠡᠦᠬᠡᠳ ᠤᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃
      ᠳᠠᠷᠠᠭ᠎ᠠ ᠨᠢ᠂ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠤᠰᠬᠠᠢ ᠺᠠᠳ᠋ᠷ ᠰᠤᠷᠤᠭᠴᠢᠳ ᠢ ᠳᠠᠭᠠᠭᠤᠯᠤᠨ ᠲᠣᠭᠤᠷᠢᠨ ᠦᠵᠡᠵᠦ᠂ ᠬᠡᠦᠬᠡᠳ ᠤᠳ ᠵᠡᠭᠡᠯᠢ ᠭᠤᠳᠤᠮᠵᠢ ᠶᠢᠨ ᠡᠷᠦᠬᠡ ᠶᠢᠨ ᠴᠡᠷᠢᠭ ᠤᠨ ᠡᠳᠦᠷ ᠲᠤᠲᠤᠮ ᠤᠨ ᠪᠣᠯᠪᠠᠰᠤᠷᠠᠯ ᠤᠨ ᠪᠠᠶᠢᠳᠠᠯ ᠢ ᠣᠶᠢᠯᠠᠭᠠᠪᠠ᠃             ᠪᠣᠯᠪᠠᠰᠤᠷᠠᠯ ᠤᠨ ᠭᠤᠭᠴᠤᠭ᠎ᠠ ᠡᠷᠦᠬᠡ ᠶᠢᠨ ᠴᠡᠷᠢᠭ ᠤᠨ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠵᠥᠪ ᠣᠨᠣᠪᠴᠢᠲᠠᠶ ᠫᠤᠤᠳᠠᠯᠭ᠎ᠠ ᠶᠢᠨ ᠳᠦᠷᠰᠦ ᠪᠠᠶᠢᠳᠠᠯ᠂ ᠠᠮᠢᠰᠬᠤᠯ ᠤᠨ ᠲᠣᠬᠢᠷᠠᠭᠤᠯᠤᠯᠲᠠ ᠵᠢᠴᠢ ᠣᠨᠢᠯᠠᠬᠤ ᠠᠷᠭ᠎ᠠ ᠬᠡᠯᠪᠡᠷᠢ ᠶᠢ ᠰᠤᠷᠤᠯᠴᠠᠪᠠ᠃ ᠬᠡᠳᠦᠶᠢᠪᠡᠷ ᠨᠢᠭᠡᠳᠦᠭᠡᠷ ᠤᠳᠠᠭ᠋ ᠎ᠠ ᠪᠤᠯᠪᠠᠴᠤ ᠬᠡᠦᠬᠡᠳ ᠪᠦᠷᠢ ᠲᠤᠶᠢᠯ ᠤᠨ ᠥᠨᠳᠥᠷ ᠳᠤᠷ᠎ᠠ ᠰᠣᠨᠢᠷᠬᠠᠯ ᠪᠠ ᠠᠪᠢᠶᠠᠰ ᠴᠢᠳᠠᠪᠤᠷᠢ ᠪᠠᠨ ᠦᠵᠡᠭᠦᠯᠦᠨ᠎ᠡ᠃
     ᠡᠨᠡ ᠤᠳᠠᠭᠠᠨ ᠤ ︽ᠨᠠᠮ ᠪᠠ ᠣᠯᠠᠨ ᠲᠦᠮᠡᠨ ᠤ ᠰᠡᠳᠬᠢᠯ ᠨᠢᠭᠡᠳᠦᠨ · ᠤᠯᠠᠭᠠᠨ ᠪᠦᠴᠡᠲᠡᠨ ᠤ ᠡᠬᠡ ᠤᠯᠤᠰ ᠢᠶᠠᠨ ᠬᠠᠶᠢᠷᠠᠯᠠᠬᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠨᠢ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠠᠢ᠃ ᠬᠤᠵᠢᠮ ᠪᠢᠳᠡ ᠦᠷᠭᠦᠯᠵᠢᠯᠡᠨ ᠨᠡᠩ ᠤᠯᠠᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠬᠡᠦᠬᠡᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠤᠨ᠎ᠠ᠃  ᠬᠡᠥᠬᠡᠳ ᠤᠳ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠥᠵᠢᠭᠦᠯᠵᠦ᠂ ᠲᠡᠳᠡᠨ ᠤ ᠡᠷᠡᠭᠦᠯ ᠢᠶᠠᠷ ᠦᠰᠦᠨ ᠪᠣᠶᠢᠵᠢᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠶᠢ ᠢᠲᠡᠭᠡᠵᠦ ᠪᠠᠶᠢᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号