ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠪᠤᠭᠤᠲᠤ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/23
     7 ᠰᠠᠷ᠎ᠠ ᠶᠢᠨ 20 ᠤ ᠡᠳᠦᠷ᠂ ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠪᠤᠭᠤᠲᠤ ᠳᠤ ᠬᠤᠷᠠᠯᠳᠤᠪᠠ᠃ ᠲᠤᠰ ᠤᠳᠠᠭᠠᠨ ᠤ ᠬᠤᠷᠠᠯ ᠨᠢ ︽ᠡᠬᠢ ᠪᠠᠶᠠᠯᠢᠭ ᠤᠨ ᠨᠡᠭᠡᠭᠡᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢ ᠬᠠᠮᠲᠤᠷᠠᠭᠤᠯᠤᠨ᠂ ᠦᠵᠡᠰᠬᠦᠯᠡᠩᠲᠦ ᠰᠠᠶᠢᠬᠠᠨ ᠲᠤᠮᠳᠠᠳᠤ ᠤᠯᠤᠰ ᠢ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠪᠤᠯᠭᠠᠵᠦ᠂ ᠪᠦᠭᠦ ᠤᠯᠤᠰ ᠤᠨ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ ᠰᠤᠳᠤᠯᠭᠠᠲᠠᠨ ᠬᠤᠷᠠᠨ ᠴᠤᠭᠯᠠᠷᠠᠵᠤ᠂ ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠬᠤᠰᠢᠭᠤᠴᠢ ᠠᠰᠠᠭᠤᠳᠠᠯ ᠢ ᠭᠦᠨᠵᠡᠭᠡᠢ ᠰᠢᠨᠵᠢᠯᠡᠨ ᠰᠤᠳᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠨᠢ 2023 ᠣᠨ ᠳᠤ ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠣᠷᠣᠨ ᠪᠦᠰᠡ  ᠶᠢᠨ ᠠᠮᠢ ᠠᠬᠤᠢ ᠶᠢᠨ ᠪᠠᠶᠢᠭᠤᠯᠤᠯᠲᠠ ᠳᠤ ᠦᠢᠯᠡᠴᠢᠯᠡᠬᠦ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠶᠢ ᠵᠣᠷᠢᠭᠰᠠᠨ ᠪᠠᠶᠢᠨ᠎ᠠ᠃ ᠣᠳᠣᠬᠠᠨ  ᠳᠤ ᠲᠤᠰ ᠲᠠᠪᠴᠠᠩ ᠨᠢ ᠪᠤᠭᠤᠲᠤ ᠶᠢᠨ ᠭᠠᠵᠠᠷ ᠣᠷᠣᠨ ᠢᠶᠠᠷ ᠲᠥᠪ ᠪᠤᠯᠭᠠᠵᠦ᠂ ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠤᠨᠤᠯ ᠪᠣᠯᠣᠨ ᠠᠷᠭ᠎ᠠ  ᠶᠢᠨ ᠰᠢᠨ᠎ᠡ ᠡᠭᠦᠳᠦᠯᠲᠡ ᠳᠤ ᠠᠩᠬᠠᠷᠤᠯ ᠲᠥᠪᠯᠡᠷᠡᠭᠦᠯᠵᠦ᠂ ᠬᠠᠳᠤᠨ ᠭᠤᠣᠯ ᠤᠨ ᠤᠷᠤᠰᠬᠠᠯ ᠳᠠᠭᠠᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠰᠡᠳᠦᠪ ᠤᠨ ᠰᠤᠳᠤᠯᠭᠠᠨ ᠳᠤ ᠬᠦᠴᠦᠯᠡᠨ ᠴᠢᠷᠮᠠᠶᠢᠵᠤ᠂ ᠤᠷᠭᠤᠮᠠᠯ ᠤᠨ ᠠᠮᠢ ᠠᠬᠤᠢ ᠶᠢᠨ ᠤᠬᠠᠭᠠᠨ᠂ ᠨᠤᠭᠤ ᠭᠠᠵᠠᠷ ᠤᠨ ᠬᠠᠮᠠᠭᠠᠯᠠᠯᠲᠠ᠂ ᠣᠷᠴᠢᠨ ᠲᠣᠭᠤᠷᠢᠨ ᠤ ᠵᠠᠰᠠᠨ ᠰᠡᠷᠭᠦᠭᠡᠯᠲᠡ᠂ ᠪᠣᠬᠢᠷᠳᠤᠯ ᠢ ᠴᠡᠭᠴᠡᠯᠡᠨ ᠵᠠᠰᠠᠬᠤ ᠵᠡᠷᠭᠡ ᠤᠯᠠᠨ ᠬᠦᠷᠢᠶ᠎ᠡ ᠴᠠᠷᠠᠭ᠎ᠠ ᠳᠤ ᠬᠦᠴᠦᠨ ᠤᠬᠠᠭᠠᠨ ᠢᠶᠠᠨ ᠰᠤᠪᠢᠵᠤ᠂ ᠪᠤᠭᠤᠲᠤ ᠬᠤᠳᠠ᠂ ᠴᠢᠨᠠᠭᠰᠢᠯᠠᠪᠠᠯ ᠬᠠᠳᠤᠨ ᠭᠤᠣᠯ ᠤᠨ ᠶᠡᠭᠡ ᠲᠣᠬᠤᠢ ᠶᠢᠨ ᠭᠠᠵᠠᠷ ᠣᠷᠣᠨ ᠤ ᠪᠣᠬᠢᠷᠳᠤᠯ ᠦᠭᠡᠢ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠪᠠᠷ ᠴᠢᠷᠮᠠᠶᠢᠬᠤ ᠪᠣᠯᠣᠨ᠎ᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠠᠨ ᠲᠤᠰᠬᠠᠢ ᠮᠡᠷᠭᠡᠵᠢᠯᠲᠡᠨ ᠰᠤᠳᠤᠯᠭᠠᠲᠠᠳ ᠠᠴᠠ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠮᠥᠨ ᠬᠠᠳᠤᠨ ᠭᠤᠣᠯ ᠤᠨ ᠶᠡᠭᠡ ᠲᠣᠬᠤᠢ ᠶᠢᠨ ᠠᠮᠢ ᠠᠬᠤᠢ ᠶᠢᠨ ᠰᠤᠳᠤᠯᠭᠠᠨ ᠤ ᠬᠤᠯᠪᠤᠭ᠎ᠠ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠴᠤᠭᠯᠠᠷᠠᠭᠤᠯᠤᠨ᠂ ᠣᠷᠣᠨ ᠤ ᠳᠣᠲᠣᠭᠠᠳᠤ ᠭᠠᠳᠠᠭᠠᠳᠤ᠂ ᠴᠢᠨᠠᠭᠰᠢᠯᠠᠪᠠᠯ ᠤᠯᠤᠰ ᠤᠨ ᠳᠣᠲᠣᠭᠠᠳᠤ ᠭᠠᠳᠠᠭᠠᠳᠤ ᠶᠢᠨ ᠳᠠᠪᠠᠭᠤᠯᠢᠭᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠥᠪᠯᠡᠷᠡᠭᠦᠯᠦᠨ᠂ ᠬᠠᠳᠤᠨ ᠭᠤᠣᠯ ᠤᠨ ᠶᠡᠭᠡ ᠲᠣᠬᠤᠢ ᠶᠢᠨ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠲᠥᠪᠯᠡᠷᠡᠭᠦᠯᠵᠦ᠂ ᠬᠤᠯᠪᠤᠭᠠᠯᠠᠨ ᠪᠣᠭᠤᠮᠲᠠ ᠰᠢᠪᠲᠤᠯᠵᠤ᠂ ᠲᠥᠪᠯᠡᠷᠡᠭᠦᠯᠦᠨ ᠰᠢᠪᠲᠤᠯᠤᠯᠲᠠ ᠭᠠᠷᠭᠠᠵᠤ᠂ ᠬᠠᠮᠲᠤᠷᠠᠨ ᠬᠥᠭᠵᠢᠬᠦ ᠶᠢ ᠰᠠᠨᠠᠭᠠᠴᠢᠯᠠᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号