ᠳᠤᠮᠳᠠᠳᠤ ᠭᠠᠳᠠᠭᠠᠳᠤ ᠶᠢᠨ ᠤᠩᠰᠢᠯᠭ᠎ᠠ ᠶᠢᠨ ᠶᠡᠭᠡ ᠬᠤᠷᠠᠯ ᠭᠦᠭᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/23
     ᠣᠶᠢᠷ᠎ᠠ ᠳᠤ᠂ 2024 ᠣᠨ ᠤ ᠳᠤᠮᠳᠠᠳᠤ ᠭᠠᠳᠠᠭᠠᠳᠤ ᠶᠢᠨ ᠤᠩᠰᠢᠯᠭ᠎ᠠ ᠶᠢᠨ ᠶᠡᠭᠡ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ︽ᠵᠣᠬᠢᠶᠠᠮᠠᠯ ᠤᠶᠤᠨ ᠴᠢᠳᠠᠪᠤᠷᠢ ᠶᠢᠨ ᠴᠠᠭ ᠦᠶ᠎ᠡ ᠶᠢᠨ ᠪᠦᠭᠦ ᠠᠷᠠᠳ ᠤᠨ ᠤᠩᠰᠢᠯᠭ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠵᠠᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠢ ᠳᠤᠮᠳᠠᠳᠤ ᠤᠯᠤᠰ ᠤᠨ ᠠᠩᠭ᠍ᠯᠢ ᠬᠢᠲᠠᠳ ᠬᠡᠯᠡᠨ ᠤ ᠬᠠᠷᠢᠴᠠᠭᠤᠯᠤᠭᠰᠠᠨ ᠰᠤᠳᠤᠯᠭᠠᠨ ᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠤᠩᠰᠢᠯᠭ᠎ᠠ ᠶᠢᠨ ᠤᠬᠠᠭᠠᠨ ᠤ ᠰᠤᠳᠤᠯᠭᠠᠨ ᠤ ᠲᠤᠰᠬᠠᠢ ᠮᠡᠷᠭᠡᠵᠢᠯ ᠤᠨ ᠵᠥᠪᠯᠡᠯ ᠠᠴᠠ ᠭᠤᠣᠯᠯᠠᠨ ᠡᠷᠭᠢᠯᠡᠵᠦ᠂ ᠪᠦᠭᠦ ᠤᠯᠤᠰ ᠤᠨ 60 ᠭᠠᠷᠤᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠤᠩᠰᠢᠯᠭ᠎ᠠ ᠳᠤ ᠪᠠᠭ᠋ᠠᠲᠠᠢ ᠬᠥᠮᠥᠰ ᠵᠡᠷᠭᠡ ᠨᠡᠶᠢᠲᠡ 100 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠶᠡᠭᠡ ᠬᠤᠷᠠᠯ ᠠᠴᠠ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠴᠢᠦ ᠬᠤᠸᠠ ᠳ᠋ᠦᠩ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠫᠷᠤᠹᠧᠰᠰᠤᠷ᠂ ᠪᠡᠭᠡᠵᠢᠩ ᠶᠡᠭᠡ ᠰᠤᠷᠭᠠᠭᠤᠯᠢ ᠶᠢᠨ ᠪᠦᠸᠧ ᠶᠠ ᠶᠠᠷᠢᠶᠠᠨ ᠤ ᠲᠠᠪᠴᠠᠩ ᠤᠨ ᠫᠷᠤᠹᠧᠰᠰᠤᠷ ᠴᠧᠨ ᠫᠢᠩ ᠶᠤᠸᠠᠨ ᠵᠡᠷᠭᠡ ᠤᠯᠤᠰ ᠤᠨ ᠳᠣᠲᠣᠭᠠᠳᠤ ᠶᠢᠨ ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠯᠭᠡᠬᠦ ᠶᠢᠨ ᠬᠠᠮᠲᠤ ᠪᠠᠶᠠᠯᠢᠭ ᠠᠭᠤᠯᠭ᠎ᠠ ᠲᠠᠢ ᠬᠤᠪᠢᠶᠠᠷᠢ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠥᠷᠨᠢᠭᠦᠯᠵᠡᠢ᠃ ᠬᠤᠷᠠᠯ ᠳᠤ ᠣᠷᠣᠯᠴᠠᠭᠰᠠᠳ ᠭᠤᠣᠯ ᠰᠡᠳᠦᠪ ᠤᠨ ᠲᠣᠭᠤᠷᠢᠨ ᠳᠤ ᠳᠤᠮᠳᠠᠳᠤ ᠭᠠᠳᠠᠭᠠᠳᠤ ᠶᠢᠨ ᠤᠩᠰᠢᠯᠭ᠎ᠠ ᠶᠢᠨ ᠤᠬᠠᠭᠠᠨ ᠤ ᠰᠤᠳᠤᠯᠭᠠᠨ ᠤ ᠬᠤᠰᠢᠭᠤᠷᠠᠯ ᠪᠠ ᠬᠠᠯᠠᠮᠰᠢᠯ ᠴᠡᠭ᠂ ᠰᠣᠶᠣᠯ ᠠᠯᠤᠰᠯᠠᠭᠰᠠᠨ ᠰᠣᠯᠢᠯᠴᠠᠭ᠎ᠠ ᠪᠠ ᠣᠷᠴᠢᠭᠤᠯᠭ᠎ᠠ ᠶᠢᠨ ᠰᠤᠳᠤᠯᠭᠠᠨ᠂ ᠲᠣᠭᠠᠴᠢᠯᠠᠭᠰᠠᠨ ᠤᠩᠰᠢᠯᠭ᠎ᠠ ᠶᠢᠨ ᠮᠡᠷᠭᠡᠵᠢᠯ ᠪᠠ ᠲᠥᠬᠦᠭᠡᠷᠦᠮᠵᠢ ᠶᠢᠨ ᠪᠠᠶᠢᠭᠤᠯᠤᠯᠲᠠ᠂ ᠬᠥᠮᠥᠨ ᠮᠠᠰᠢᠨ ᠤ ᠬᠠᠮᠵᠢᠯᠴᠠᠭ᠎ᠠ ᠪᠠ ᠤᠩᠰᠢᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ ᠪᠠ ᠬᠡᠦᠬᠡᠳ ᠤᠨ ᠤᠩᠰᠢᠯᠭ᠎ᠠ ᠵᠡᠷᠭᠡ ᠰᠡᠳᠦᠪ ᠢ ᠰᠤᠳᠤᠯᠤᠨ ᠶᠠᠷᠢᠯᠴᠠᠵᠤ᠂ ᠮᠡᠳᠡᠭᠡ ᠵᠠᠩᠭᠢ ᠶᠢᠨ ᠴᠠᠭ ᠦᠶ᠎ᠡ ᠳᠤ ᠪᠦᠭᠦ ᠠᠷᠠᠳ ᠤᠨ ᠤᠩᠰᠢᠯᠭ᠎ᠠ ᠶᠢᠨ ᠲᠦᠭᠡᠮᠡᠯᠵᠢᠯᠲᠡ᠂ ᠬᠥᠭᠵᠢᠯᠲᠡ ᠪᠠ ᠳᠡᠭᠡᠭᠰᠢᠯᠡᠯᠲᠡ ᠶᠢ ᠤᠯᠠᠮ ᠴᠢᠨᠠᠭᠰᠢᠳᠠ ᠠᠬᠢᠭᠤᠯᠪᠠ᠃      ︽ᠵᠣᠬᠢᠶᠠᠮᠠᠯ ᠣᠶᠤᠨ ᠴᠢᠳᠠᠪᠤᠷᠢ ᠨᠢ ᠬᠡᠳᠦᠶᠢᠪᠡᠷ ᠮᠠᠨ ᠤ ᠤᠩᠰᠢᠯᠭ᠎ᠠ ᠶᠢᠨ ᠠᠮᠢᠳᠤᠷᠠᠯ ᠳᠤ ᠮᠠᠰᠢ ᠣᠯᠠᠨ ᠲᠠᠯ᠎ᠠ ᠪᠠᠷ ᠲᠥᠭᠦᠮ ᠦᠵᠡᠭᠦᠯᠦᠭᠰᠡᠨ ᠪᠤᠯᠪᠠᠴᠤ ᠪᠠᠰᠠ ᠵᠠᠷᠢᠮ ᠨᠠᠵᠠᠭᠠᠢ ᠨᠥᠯᠥᠭᠡ ᠪᠠ ᠬᠠᠷᠰᠢ ᠰᠠᠭᠠᠳ ᠢ ᠠᠪᠴᠢᠷᠠᠭᠰᠠᠨ ᠶᠤᠮ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠥᠵᠢᠭᠦᠯᠬᠦ᠂ ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠰᠦᠯᠵᠢᠶᠡᠨ ᠭᠠᠳᠠᠨ᠎ᠠ ᠨᠣᠮ ᠤᠩᠰᠢᠬᠤ ᠠᠵᠢᠯᠯᠠᠭ᠎ᠠ ᠳᠤ ᠣᠷᠤᠯᠴᠠᠬᠤ ᠵᠡᠷᠭᠡ ᠪᠠᠷ ᠳᠠᠮᠵᠢᠭᠤᠯᠤᠨ᠂ ᠪᠢᠳᠡ ᠡᠲᠡᠭᠡᠷ ᠥᠷᠢᠰᠦᠯᠳᠦᠭᠡᠨ ᠢ ᠢᠯᠠᠨ ᠳᠠᠪᠠᠵᠤ᠂ ᠨᠠᠩ ᠭᠦᠨᠵᠡᠭᠡᠢ ᠪᠥᠭᠡᠳ ᠪᠦᠭᠦ ᠲᠠᠯ᠎ᠠ ᠶᠢᠨ  ᠤᠩᠰᠢᠯᠭ᠎ᠠ ᠶᠢᠨ ᠠᠮᠲᠠᠷᠬᠠᠯ ᠢ  ᠬᠦᠷᠲᠡᠵᠦ  ᠴᠢᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ︾ ᠭᠡᠵᠦ ᠳᠤᠮᠳᠠᠳᠤ ᠤᠯᠤᠰ ᠤᠨ ᠠᠩᠭ᠍ᠯᠢ ᠬᠢᠲᠠᠳ ᠬᠡᠯᠡᠨ ᠤ ᠬᠠᠷᠢᠴᠠᠭᠤᠯᠤᠭᠰᠠᠨ ᠰᠤᠳᠤᠯᠭᠠᠨ ᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠤᠩᠰᠢᠯᠭ᠎ᠠ ᠶᠢᠨ ᠤᠬᠠᠭᠠᠨ ᠤ ᠰᠤᠳᠤᠯᠭᠠᠨ ᠤ ᠲᠤᠰᠬᠠᠢ ᠮᠡᠷᠭᠡᠵᠢᠯ ᠤᠨ ᠵᠥᠪᠯᠡᠯ ᠤᠨ ᠳᠠᠷᠤᠭ᠎ᠠ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠭᠦᠸᠧ ᠶᠢᠩ ᠵᠢᠶᠠᠨ ᠲᠠᠨᠢᠯᠴᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号