ᠮᠠᠨ ᠤ ᠣᠷᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ 10 ᠳ᠋ᠦᠩᠰᠢᠭᠤᠷ ᠭᠠᠷᠤᠢ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠪᠠ
ᠨᠡᠶᠢᠲᠡᠯᠡᠭᠰᠡᠨ ᠴᠠᠭ᠄
2024/7/23
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠠᠰᠢᠭᠯᠠᠯᠲᠠ ᠳᠤ ᠣᠷᠣᠭᠰᠠᠨ ᠠᠴᠠ ᠨᠠᠭᠠᠰᠢᠬᠢ 4 ᠰᠠᠷ᠎ᠠ ᠶᠢᠨ ᠬᠤᠭᠤᠴᠠᠭᠠᠨ ᠳᠤ ᠪᠦᠭᠦ ᠣᠷᠣᠨ ᠠᠴᠠ 6271 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠢᠲᠡᠭᠡᠮᠵᠢᠲᠦ ᠵᠢᠭᠡᠯᠡᠯᠭᠡ ᠠᠪᠬᠤ ᠪᠠᠷ ᠭᠤᠶᠤᠴᠢᠯᠠᠵᠤ᠂ ᠣᠳᠣᠬᠠᠨ ᠪᠤᠯᠳᠠᠯ᠎ᠠ 3039 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠨᠡᠶᠢᠳᠡ 10 ᠳ᠋ᠦᠩᠰᠢᠭᠤᠷ ᠭᠠᠷᠤᠢ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠪᠠ᠃      ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠣᠷᠤᠯᠴᠠᠬᠤ ᠪᠠ ᠲᠡᠭᠦᠨ ᠢ ᠠᠬᠢᠭᠤᠯᠬᠤ ᠴᠢᠬᠤᠯᠠ ᠬᠦᠴᠦᠨ ᠪᠠᠶᠢᠵᠤ᠂ 5 ᠰᠠᠷ᠎ᠠ ᠶᠢᠨ ᠰᠡᠭᠦᠯᠴᠢ ᠪᠤᠯᠬᠤ ᠳᠤ ᠪᠦᠭᠦ ᠣᠷᠣᠨ ᠤ ᠪᠠᠭ᠎ᠠ ᠵᠢᠵᠢᠭ ᠠᠵᠤ ᠠᠬᠤᠶᠢᠯᠠᠯ ᠬᠥᠭᠵᠢᠭᠡᠳ 62.06 ᠲᠦᠮᠡᠨ ᠡᠷᠦᠭᠡ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.31% ᠪᠠᠷ ᠨᠡᠮᠡᠭᠳᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠬᠥᠭᠵᠢᠭᠡᠳ 206.26 ᠲᠦᠮᠡᠨ ᠡᠷᠦᠭᠡ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ  ᠤ ᠬᠢ ᠠᠴᠠ 7.61% ᠪᠠᠷ ᠨᠡᠮᠡᠭᠳᠡᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠡᠨᠡ ᠵᠢᠯ ᠤᠨ ᠡᠬᠢᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ  ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠬᠠᠮᠲᠤᠷᠠᠨ ᠢᠲᠡᠭᠡᠮᠵᠢ ᠳᠤ ᠲᠦᠰᠢᠭᠯᠡᠬᠦ᠂ ᠪᠠᠷᠢᠴᠠᠭ᠎ᠠ ᠦᠯᠦ ᠬᠡᠷᠡᠭᠰᠡᠬᠦ᠂ ᠪᠠᠲᠤᠯᠠᠨ ᠳᠠᠭᠠᠭᠠᠯᠲᠠ ᠬᠢᠬᠦ ᠴᠢᠬᠤᠯᠠ ᠦᠭᠡᠢ᠂ ᠰᠦᠯᠵᠢᠶᠡᠨ ᠳᠡᠭᠡᠷ᠎ᠡ ᠭᠤᠶᠤᠴᠢᠯᠠᠬᠤ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠦᠢᠯᠡᠳᠬᠦᠨ ᠢ ᠭᠠᠷᠭᠠᠪᠠ᠃ ᠡᠨᠡ ᠬᠦ ᠢᠲᠡᠭᠡᠮᠵᠢ ᠪᠠᠷ ᠰᠠᠭᠤᠷᠢ ᠪᠠᠷᠢᠮᠵᠢᠶ᠎ᠠ ᠪᠤᠯᠭᠠᠬᠰᠠᠨ ᠮᠥᠩᠭᠦᠨ ᠭᠦᠢᠯᠭᠡᠭᠡᠨ ᠤ ᠦᠢᠯᠡᠳᠬᠦᠨ ᠤ ᠬᠠᠮᠤᠭ ᠤᠨ ᠥᠨᠳᠥᠷ ᠵᠢᠭᠡᠯᠡᠯᠭᠡ ᠶᠢᠨ ᠬᠡᠮᠵᠢᠶ᠎ᠡ ᠨᠢ 500 ᠲᠦᠮᠡᠨ ᠲᠥᠭᠦᠷᠢᠭ᠂ ᠬᠠᠮᠤᠭ ᠤᠨ ᠣᠷᠳᠣ ᠳᠠᠭᠠᠨ 3 ᠵᠢᠯ ᠤᠨ ᠬᠤᠭᠤᠴᠠᠭ᠎ᠠ ᠲᠠᠢ᠂ ᠵᠢᠭᠡᠯᠡᠯᠭᠡ ᠶᠢᠨ ᠵᠢᠯ ᠤᠨ ᠬᠦᠦ ᠮᠥᠩᠭᠦ ᠶᠢᠨ ᠨᠣᠷᠮ᠎ᠠ ᠨᠢ 3.45% - 6% ᠶᠢᠨ ᠬᠤᠭᠤᠷᠣᠨᠳᠤ ᠪᠠᠶᠢᠵᠤ᠂ ᠬᠠᠮᠤᠭ ᠤᠨ ᠳᠣᠣᠷ᠎ᠠ ᠬᠦᠦ ᠮᠥᠩᠭᠦ ᠶᠢᠨ ᠨᠣᠷᠮ᠎ᠠ ᠶᠢ 20% ᠪᠠᠷ  ᠪᠠᠭᠤᠷᠠᠭᠤᠯᠪᠠ᠃      ᠣᠳᠣᠬᠠᠨ ᠳᠤ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢ ᠪᠦᠭᠦ ᠶᠠᠪᠤᠴᠠ ᠪᠠᠷ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ ᠶᠢ ᠪᠡᠶᠡᠯᠡᠭᠦᠯᠵᠦ᠂ ᠵᠢᠭᠡᠯᠡᠯᠭᠡ ᠭᠤᠶᠤᠴᠢᠯᠠᠬᠤ᠂ ᠭᠡᠷ᠎ᠡ ᠲᠣᠭᠲᠠᠬᠤ᠂ ᠵᠣᠭᠤᠰ ᠭᠠᠷᠭᠠᠨ ᠠᠪᠴᠤ ᠵᠣᠭᠤᠰ ᠬᠡᠷᠡᠭᠯᠡᠬᠦ ᠵᠡᠷᠭᠡ ᠭᠤᠭᠴᠤᠭ᠎ᠠ ᠶᠢᠨ ᠬᠢᠨᠠᠨ ᠵᠥᠪᠰᠢᠶᠡᠷᠡᠬᠦ ᠴᠠᠭ ᠢ ᠲᠤᠬᠠᠢ ᠶᠢᠨ ᠲᠠᠯᠠᠪᠠᠢ ᠶᠢᠨ 3 - 5 ᠠᠵᠢᠯᠯᠠᠬᠤ ᠡᠳᠦᠷ ᠪᠠᠶᠢᠭᠰᠠᠨ  ᠠᠴᠠ ᠬᠠᠮᠤᠭ ᠤᠨ ᠲᠦᠷᠭᠡᠨ ᠳᠡᠭᠡᠨ ᠬᠠᠭᠠᠰ ᠴᠠᠭ ᠪᠤᠯᠲᠠᠯ᠎ᠠ ᠪᠣᠭᠤᠨᠢᠰᠬᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号