ᠡᠨᠡ ᠤᠳᠠᠭᠠᠨ ᠤ ᠲᠠᠮᠢᠷ ᠤᠨ ᠴᠤᠭᠯᠠᠭᠠᠨ ᠪᠠᠶᠠᠷ ᠪᠠᠶᠠᠰᠬᠤᠯᠠᠩᠲᠠᠢ
ᠨᠡᠶᠢᠲᠡᠯᠡᠭᠰᠡᠨ ᠴᠠᠭ᠄
2024/7/24
     ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠳᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠠᠴᠠ ᠢᠷᠡᠭᠰᠡᠨ 14 ᠲᠥᠯᠥᠭᠡᠯᠡᠭᠴᠢᠳ ᠤᠨ ᠠᠩᠭᠢ᠂ 270 ᠭᠠᠷᠤᠢ ᠺᠠᠳ᠋ᠷ ᠠᠵᠢᠯᠲᠠᠨ ᠠᠵᠢᠯᠴᠢᠨ ᠬᠠᠮᠲᠤ ᠣᠷᠣᠯᠴᠠᠵᠤ᠂ ᠪᠡᠶ᠎ᠡ ᠶᠢᠨ ᠲᠠᠮᠢᠷ ᠤᠨ ᠦᠪᠡᠳᠡᠭᠰᠢ ᠨᠠᠶᠢᠷ ᠲᠤ ᠣᠷᠤᠯᠴᠠᠪᠠ᠃
     ᠪᠡᠶ᠎ᠡ ᠲᠠᠮᠢᠷ ᠤᠨ ᠴᠤᠭᠯᠠᠭᠠᠨ ᠳᠡᠭᠡᠰᠦ ᠲᠠᠲᠠᠬᠤ᠂ ᠬᠥᠳᠡᠯᠭᠡᠭᠡᠨᠲᠦ ᠪᠥᠮᠪᠦᠭᠡ᠂ ᠲᠡᠷᠭᠡᠨ ᠤ ᠬᠦᠷᠳᠦ ᠥᠩᠬᠦᠷᠢᠬᠦ ᠵᠡᠷᠭᠡ 13 ᠵᠦᠢᠯ ᠤᠨ ᠭᠤᠶᠢᠳᠠ ᠰᠠᠶᠢᠬᠠᠨ ᠲᠥᠷᠥᠯ ᠵᠦᠢᠯ ᠢ ᠲᠣᠬᠢᠷᠠᠭᠤᠯᠵᠤ᠂ ᠬᠤᠪᠢ ᠬᠥᠮᠥᠨ ᠤ ᠤᠷ᠎ᠠ ᠴᠢᠳᠠᠪᠤᠷᠢ ᠶᠢ ᠰᠢᠯᠭᠠᠬᠤ ᠮᠥᠷᠲᠡᠭᠡᠨ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢ ᠢᠯᠡᠷᠡᠭᠦᠯᠪᠡ᠃
      ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠲᠥᠪᠯᠡᠩᠭᠦᠶ ᠬᠦᠴᠦᠨ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠵᠡᠢ᠃
     ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠵᠢᠶᠦ᠋ᠨ ᠸᠧᠢ ᠠᠴᠠ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠬᠤ ᠪᠠᠷ ᠳᠡᠮᠵᠢᠨ᠂ ᠪᠥᠬᠦ ᠠᠵᠢᠯᠲᠠᠨ ᠠᠵᠢᠯᠴᠢᠨ ᠤ ᠠᠵᠢᠯ ᠤᠨ ᠬᠠᠯᠠᠭᠤᠨ ᠰᠡᠳᠬᠢᠯᠭᠡ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠵᠡᠭᠡᠯᠢ ᠭᠤᠳᠤᠮᠵᠢ ᠶᠢᠨ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠰᠠᠶᠢᠬᠠᠨ ᠲᠣᠭᠤᠷᠢᠭ ᠪᠠ ᠣᠷᠣᠨ ᠤ ᠳᠣᠲᠣᠷ᠎ᠠ ᠳᠠᠬᠢᠨ ᠪᠠᠶᠢᠷᠢᠨ ᠳᠠᠭᠠᠨ ᠣᠷᠣᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠢ ᠲᠡᠮᠡᠴᠡᠨ ᠣᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃                  ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号