ᠮᠠᠨ ᠤ ᠣᠷᠣᠨ ᠤ ᠤᠰᠤᠨ ᠭᠠᠷᠤᠯᠲᠠ ᠶᠢᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 85% ᠶᠢ ᠳᠠᠪᠠᠪᠠ
ᠨᠡᠶᠢᠲᠡᠯᠡᠭᠰᠡᠨ ᠴᠠᠭ᠄
2024/7/24
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤᠰᠤᠨ ᠭᠠᠷᠤᠯᠲᠠ ᠶᠢᠨ ᠦᠷ᠎ᠡ ᠶᠢᠨ ᠦᠢᠯᠡᠰ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ᠂ ᠰᠢᠨ᠎ᠡ ᠡᠭᠦᠯᠳᠡᠷ ᠢ ᠣᠷᠣᠭᠤᠯᠤᠨ ᠠᠪᠴᠢᠷᠠᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ 3 ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭᠠᠳᠬᠠᠨ᠂ ᠤᠰᠤᠨ ᠭᠠᠷᠤᠯᠲᠠ ᠶᠢᠨ ᠠᠵᠤ ᠠᠬᠤᠢ  ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠦᠷ᠎ᠡ ᠶᠢᠨ ᠢᠷᠡᠯᠲᠡ ᠶᠢᠨ ᠪᠠᠲᠤᠯᠠᠭ᠎ᠠ ᠬᠠᠩᠭᠠᠵᠤ᠂ ᠤᠳᠤ ᠪᠦᠭᠦ ᠣᠷᠣᠨ ᠤ ᠤᠰᠤᠨ ᠭᠠᠷᠤᠯᠲᠠ ᠶᠢᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠨᠢᠭᠡᠨᠲᠡ 85% ᠶᠢ ᠳᠠᠪᠠᠪᠠ᠃      ᠮᠠᠨ ᠤ ᠣᠷᠣᠨ ᠦᠷ᠎ᠡ ᠡᠳ᠋ ᠤᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠢ ᠣᠶᠢᠯᠠᠭᠠᠬᠤ ᠶᠢᠨ ᠲᠥᠯᠥᠭᠡ᠂ 2021 ᠣᠨ ᠳᠤ ᠪᠦᠭᠦ ᠣᠷᠣᠨ ᠳᠤ ᠠᠩᠬᠠᠳᠤᠭᠠᠷ ᠤᠳᠠᠭ᠎ᠠ ᠶᠢᠨ ᠤᠰᠤᠨ ᠭᠠᠷᠤᠯᠲᠠ ᠶᠢᠨ ᠦᠷᠡᠵᠢᠭᠦᠯᠦᠯᠲᠡ  ᠶᠢᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠢ ᠡᠬᠢᠯᠡᠭᠦᠯᠵᠦ᠂ 3 ᠵᠢᠯ ᠤᠨ ᠴᠠᠭ ᠢ ᠠᠰᠢᠭᠯᠠᠨ 97 ᠬᠤᠰᠢᠭᠤ ᠰᠢᠶᠠᠨ ᠳᠤ ᠬᠤᠯᠪᠣᠭᠳᠠᠬᠤ 2849 ᠲᠡᠵᠢᠭᠡᠨ ᠦᠷᠡᠵᠢᠭᠦᠯᠬᠦ ᠭᠤᠣᠯ ᠴᠣᠭᠴᠠ᠂ 72 ᠤᠰᠤᠨ ᠭᠠᠷᠤᠯᠲᠠ ᠶᠢᠨ ᠦᠷᠡᠵᠢᠭᠦᠯᠦᠯᠲᠡ ᠶᠢᠨ ᠳᠦᠷᠰᠦ ᠶᠢ ᠨᠡᠶᠢᠳᠡᠮ ᠪᠠᠶᠢᠴᠠᠭᠠᠬᠤ ᠠᠵᠢᠯ ᠢ ᠪᠡᠶᠡᠯᠡᠭᠦᠯᠵᠦ᠂ 10 ᠣᠨᠴᠠᠯᠢᠭᠲᠤ ᠳᠦᠷᠰᠦ ᠶᠢ ᠰᠢᠰᠲ᠋ᠧᠮ ᠲᠠᠢ ᠪᠠᠶᠢᠴᠠᠭᠠᠪᠠ᠃ ᠤᠰᠤᠨ ᠭᠠᠷᠤᠯᠲᠠ ᠶᠢᠨ ᠦᠷᠡᠵᠢᠭᠦᠯᠦᠯᠲᠡ ᠶᠢᠨ ᠳᠦᠷᠰᠦ ᠶᠢᠨ ᠪᠦᠬᠦᠯᠢ ᠴᠣᠭᠴᠠ ᠶᠢᠨ ᠲᠤᠭ᠎ᠠ ᠬᠡᠮᠵᠢᠶ᠎ᠡ᠂ ᠣᠷᠣᠨ ᠪᠦᠰᠡ ᠶᠢᠨ ᠲᠠᠷᠬᠠᠯᠲᠠ᠂ ᠬᠠᠮᠠᠭᠠᠯᠠᠵᠤ ᠠᠰᠢᠭᠯᠠᠬᠤ ᠪᠠ ᠤᠳᠤᠮᠯᠠᠯ ᠤᠨ ᠦᠨᠳᠦᠰᠦᠨ ᠪᠠᠶᠢᠳᠠᠯ ᠵᠡᠷᠭᠡ ᠶᠢ ᠲᠣᠳᠣᠷᠬᠠᠢ ᠣᠶᠢᠯᠠᠭᠠᠵᠤ᠂ ᠤᠰᠤᠨ ᠭᠠᠷᠤᠯᠲᠠ  ᠶᠢᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃      ᠮᠠᠨ ᠤ ᠣᠷᠣᠨ ᠨᠤᠲᠤᠭ ᠤᠨ ᠵᠢᠭᠠᠰᠤᠨ ᠤ ᠲᠥᠷᠥᠯ ᠢ ᠬᠠᠮᠠᠭᠠᠯᠠᠬᠤ ᠪᠠ ᠬᠥᠮᠥᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠵᠢᠯ ᠳᠤᠮᠳᠠᠴᠢ ᠪᠠᠷ ᠨᠤᠲᠤᠭ ᠤᠨ ᠵᠢᠭᠠᠰᠤᠨ ᠤ ᠲᠥᠷᠥᠯ ᠤᠨ ᠵᠢᠷᠠᠭᠠᠬᠠᠢ ᠶᠢ 1.52 ᠳ᠋ᠦᠩᠰᠢᠭᠤᠷ ᠦᠷᠡᠵᠢᠭᠦᠯᠦᠨ ᠪᠣᠶᠢᠵᠢᠭᠤᠯᠵᠤ᠂ ᠨᠤᠲᠤᠭ ᠤᠨ ᠵᠢᠭᠠᠰᠤᠨ ᠤ ᠲᠥᠷᠥᠯ ᠤᠨ ᠳᠦᠷᠰᠦ ᠶᠢᠨ ᠰᠦᠷᠦᠭ ᠢ ᠪᠠᠲᠤᠯᠠᠵᠤ ᠪᠤᠢ᠃ ᠤᠰᠤᠨ ᠤ ᠠᠮᠢᠳᠤ ᠪᠣᠳᠠᠰ ᠢ ᠦᠷᠡᠵᠢᠭᠦᠯᠦᠨ ᠤᠰᠤᠨ  ᠳᠤ ᠲᠠᠯᠪᠢᠬᠤ ᠠᠵᠢᠯ ᠢ ᠶᠡᠭᠡ ᠪᠠᠷ ᠥᠷᠨᠢᠭᠦᠯᠵᠦ᠂ ᠵᠢᠯ ᠪᠦᠷᠢ ᠨᠤᠲᠤᠭ ᠤᠨ ᠵᠢᠭᠠᠰᠤ ᠵᠢᠴᠢ ᠠᠵᠤ ᠠᠬᠤᠢ ᠶᠢᠨ ᠵᠢᠭᠠᠰᠤᠨ ᠤ ᠲᠦᠷᠦᠯ ᠤᠨ 8 ᠳ᠋ᠦᠩᠰᠢᠭᠤᠷ ᠭᠠᠷᠤᠢ ᠵᠢᠷᠠᠭᠠᠬᠠᠢ ᠶᠢ ᠤᠰᠤᠨ ᠳᠤ ᠲᠠᠯᠪᠢᠵᠤ ᠪᠤᠢ᠃ ᠡᠭᠦᠨ ᠤ ᠬᠠᠮᠲᠤ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠤᠯᠢ ᠪᠤᠰᠤ ᠪᠠᠷ ᠠᠩᠨᠠᠵᠤ ᠱᠦᠭᠦᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ᠃      ᠮᠠᠨ ᠤ ᠣᠷᠣᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠪᠠᠷ ᠲᠠᠮᠵᠢᠨ ᠣᠳᠣᠬᠠᠨ ᠳᠤ ᠨᠢᠭᠡᠨᠲᠡ 100 ᠮᠦ  ᠠᠴᠠ ᠳᠡᠭᠡᠭᠰᠢᠬᠢ ᠬᠡᠪᠴᠢᠶ᠎ᠡ ᠲᠠᠢ ᠤᠰᠤᠨ ᠭᠠᠷᠤᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠢ 25 ᠪᠠᠶᠢᠭᠤᠯᠵᠤ᠂ ᠪᠣᠬᠢᠷᠳᠤᠯ ᠦᠭᠡᠢ ᠲᠡᠵᠢᠭᠡᠨ ᠦᠷᠡᠵᠢᠭᠦᠯᠬᠦ ᠵᠠᠭᠪᠤᠷ ᠢ 15 ᠡᠭᠦᠳᠴᠦ᠂ ᠨᠠᠭᠤᠷ ᠴᠥᠭᠦᠷᠥᠮ ᠳᠤ ᠹᠦ᠋ ᠷᠦᠢ ᠮᠥᠷᠭᠦ  ᠶᠢᠨ ᠥᠨᠳᠥᠷ ᠦᠷ᠎ᠡ ᠪᠦᠲᠦᠮᠵᠢᠲᠡᠢ ᠪᠠᠷ ᠲᠡᠵᠢᠭᠡᠨ ᠦᠷᠡᠵᠢᠭᠦᠯᠬᠦ ᠵᠠᠭᠪᠤᠷ ᠤᠨ ᠮᠦ ᠳᠤᠮᠳᠠᠴᠢ ᠶᠢᠨ ᠭᠠᠷᠤᠯᠲᠠ ᠨᠢ 362 ᠵᠢᠩ ᠨᠡᠮᠡᠭᠳᠡᠵᠦ᠂ ᠮᠦ ᠳᠤᠮᠳᠠᠴᠢ ᠶᠢᠨ ᠣᠷᠣᠯᠭ᠎ᠠ 2568ᠲᠥᠭᠦᠷᠢᠭ ᠨᠡᠮᠡᠭᠳᠡᠪᠡ; ᠬᠤᠵᠢᠷᠯᠢᠭ ᠭᠠᠵᠠᠷ  ᠤᠨ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠶᠢ ᠲᠡᠵᠢᠭᠡᠨ ᠦᠷᠡᠵᠢᠭᠦᠯᠬᠦ ᠵᠠᠭᠪᠤᠷ ᠤᠨ ᠮᠦ ᠪᠦᠷᠢ ᠶᠢᠨ ᠳᠤᠮᠳᠠᠴᠢ ᠭᠠᠷᠤᠯᠲᠠ ᠨᠢ 500 ᠵᠢᠩ ᠪᠠᠶᠢᠵᠤ᠂ ᠬᠠᠮᠤᠭ ᠤᠨ ᠥᠨᠳᠥᠷ ᠲᠡᠭᠡᠨ 1000 ᠵᠢᠩ ᠳᠤ ᠬᠦᠷᠴᠦ᠂ ᠮᠦ ᠳᠤᠮᠳᠠᠴᠢ ᠶᠢᠨ ᠦᠷ᠎ᠡ ᠠᠰᠢᠭ ᠨᠢ 6000 ᠲᠥᠭᠦᠷᠢᠭ ᠢ ᠳᠠᠪᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号