ᠮᠠᠨ ᠤ ᠣᠷᠣᠨ ᠪᠠᠭᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ  ᠳᠤ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/7/24
     ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠭᠦ ᠣᠷᠣᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠡᠳᠡᠭᠡᠷ ᠨᠢ᠄ ᠨᠢᠭᠡ ᠳᠤ᠂ ᠢᠳᠡᠭᠡᠨ ᠤᠮᠳᠠᠭᠠᠨ ᠤ ᠠᠮᠤᠷ ᠲᠦᠪᠰᠢᠨ ᠤ  ᠰᠤᠷᠭᠠᠭᠤᠯᠢ ᠶᠢᠨ  ᠵᠠᠬᠢᠷᠤᠯ ︵ᠴᠡᠴᠡᠷᠯᠢᠭ ᠤᠨ ᠵᠠᠬᠢᠷᠤᠯ︶ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠬᠤᠭᠤᠯᠠᠨ ᠭᠡᠷ ᠲᠤ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠢ ᠬᠠᠤᠯᠢ  ᠶᠣᠰᠣᠭᠠᠷ ᠲᠣᠬᠢᠷᠠᠭᠤᠯᠵᠤ᠂ ᠬᠢᠨᠠᠯᠲᠠ ᠲᠠᠯᠪᠢᠬᠤ ᠺᠣᠮᠢᠰ ᠤᠨ ᠬᠢᠨᠠᠯᠲᠠ ᠲᠠᠯᠪᠢᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠥᠪᠡᠰᠤᠪᠡᠨ ᠪᠠᠶᠢᠴᠠᠭᠠᠬᠤ ᠳᠦᠷᠢᠮ᠂ ᠬᠤᠭᠤᠯᠠᠨ ᠭᠡᠷ ᠤᠨ ᠠᠵᠢᠯ ᠡᠷᠬᠢᠯᠡᠭᠰᠡᠳ ᠤᠨ ᠬᠠᠮᠢᠶᠠᠷᠤᠯᠲᠠ ᠶᠢᠨ ᠳᠦᠷᠢᠮ᠂ ᠬᠤᠭᠤᠯᠠᠨ ᠭᠡᠷ ᠤᠨ ᠡᠯ᠎ᠡ ᠴᠢᠳᠠᠪᠬᠢ ᠶᠢᠨ ᠬᠤᠭᠤᠷᠣᠨᠳᠣᠭᠢ ᠬᠠᠮᠢᠶᠠᠷᠤᠯᠲᠠ ᠶᠢᠨ ᠳᠦᠷᠢᠮ᠂ ᠢᠳᠡᠭᠡᠨ ᠤ ᠠᠮᠤᠷ ᠲᠦᠪᠰᠢᠨ ᠤ ᠠᠵᠢᠯ ᠤᠨ ᠬᠤᠷᠠᠯ ᠤᠨ ᠳᠦᠷᠢᠮ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠪᠠᠷ᠎ᠠ ᠪᠣᠯᠵᠤ ᠬᠤᠭᠤᠯᠠᠯᠠᠬᠤ ᠳᠦᠷᠢᠮ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ; ᠬᠤᠶᠠᠷ ᠲᠤ᠂ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠵᠡᠷᠭᠡ ᠣᠶᠤᠨᠴᠢ ᠬᠠᠮᠢᠶᠠᠷᠤᠯᠲᠠ   ᠶᠢᠨ ᠵᠠᠭᠪᠤᠷ ᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃  ᠸᠢᠳᠢᠤ᠋ ᠮᠡᠳᠡᠭᠡ ᠵᠠᠩᠭᠢ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠵᠠᠯᠭᠠᠨ ᠣᠷᠣᠭᠤᠯᠬᠤ ᠪᠠᠷ ᠳᠠᠮᠵᠢᠭᠤᠯᠤᠨ᠂ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠨ᠎ᠠ᠃ ᠡᠨᠡ ᠵᠢᠯ ᠤᠨ ᠳᠣᠲᠣᠷ᠎ᠠ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ  ︵ᠬᠤᠲᠠ᠂ ᠲᠣᠭᠤᠷᠢᠭ︶ ᠤ ᠰᠤᠷᠭᠠᠭᠤᠯᠢ ᠶᠢᠨ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠤᠨ ᠪᠦᠷᠬᠦᠴᠡ ᠶᠢᠨ ᠨᠤᠷᠮ᠎ᠠ ᠶᠢ 85% ᠠᠴᠠ ᠳᠡᠭᠡᠭᠰᠢ ᠳᠤ ᠭᠦᠷᠦᠭᠦᠯᠦᠨ᠎ᠡ; ᠭᠤᠷᠪᠠ ᠳᠤ᠂ ᠳᠠᠭᠠᠭᠠᠴᠢᠯᠠᠬᠤ ᠪᠤᠶᠤ ᠨᠠᠶᠢᠳᠠᠯᠭ᠎ᠠ ᠪᠠᠷ ᠡᠵᠡᠩᠨᠡᠭᠴᠢ ᠵᠢᠴᠢ ᠬᠤᠭᠤᠯᠠ ᠬᠠᠩᠭᠠᠬᠤ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ  ᠵᠠᠷᠴᠢᠮ ᠳᠡᠭᠡᠷ᠎ᠡ ᠪᠠᠨ ᠥᠪᠡᠷ ᠢᠶᠠᠨ ᠡᠵᠡᠩᠨᠡᠬᠦ ᠠᠷᠭ᠎ᠠ ᠮᠠᠶ᠋ᠢᠭ ᠢᠶᠠᠷ ᠬᠤᠭᠤᠯᠠ ᠬᠠᠩᠭᠠᠨ᠎ᠠ᠃ ᠰᠤᠷᠭᠠᠭᠤᠯᠢ ᠶᠢᠨ ᠭᠠᠳᠠᠨᠠᠬᠢ ᠪᠠᠷ ᠲᠥᠪᠯᠡᠷᠡᠭᠦᠯᠦᠨ ᠬᠤᠭᠤᠯᠠ ᠬᠠᠩᠭᠠᠯᠭᠠᠬᠤ ᠪᠤᠶᠤ ᠳᠠᠭᠠᠭᠠᠴᠢᠯᠠᠭᠤᠯᠤᠨ ᠡᠵᠡᠩᠨᠡᠭᠦᠯᠬᠦ᠂  ᠨᠠᠶᠢᠳᠠᠨ ᠡᠵᠡᠩᠨᠡᠭᠦᠯᠬᠦ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠶᠢ ᠨᠢᠭᠡᠳᠦᠯᠲᠡᠢ ᠵᠣᠬᠢᠶᠠᠨ ᠪᠠᠶᠢᠭᠤᠯᠬᠤ ᠶᠢᠨ ᠬᠠᠮᠲᠤ ᠰᠤᠷᠭᠠᠭᠤᠯᠢ ᠶᠢ ᠱᠠᠯᠠᠪᠳᠠᠭᠤᠯᠵᠤ ᠪᠠᠶᠢᠭᠠᠳ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠨ ᠰᠢᠯᠭᠠᠵᠤ ᠦᠨᠡᠯᠡᠬᠦ ᠪᠠ ᠤᠬᠤᠷᠢᠵᠤ ᠭᠠᠷᠭᠠᠬᠤ ᠬᠠᠮᠢᠶᠠᠷᠤᠯᠲᠠ ᠶᠢ ᠪᠦᠷᠢᠨ ᠲᠡᠭᠦᠯᠳᠡᠷ ᠪᠤᠯᠭᠠᠨ᠎ᠠ; ᠳᠥᠷᠪᠡ ᠳᠤ᠂ ᠢᠳᠡᠭᠡᠨ ᠤ ᠠᠶᠤᠯᠭᠦᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠤ ᠵᠦᠢᠯᠡᠰ᠂ ᠲᠦᠭᠦᠬᠡᠢ ᠮᠠᠲ᠋ᠧᠷᠢᠶᠠᠯ ᠪᠠ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠬᠤᠳᠠᠯᠳᠤᠨ ᠠᠪᠬᠤ ᠠᠷᠭ᠎ᠠ ᠵᠠᠮ ᠢ ᠴᠢᠩᠭ᠎ᠠ ᠬᠠᠮᠢᠶᠠᠷᠤᠨ ᠡᠵᠡᠮᠳᠡᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠪᠠ ᠡᠬᠡ ᠲᠠᠩᠰᠠ ᠶᠢ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠂ ᠢᠳᠡᠭᠡᠨ ᠤ ᠵᠦᠢᠯᠡᠰ ᠢ ᠨᠡᠬᠡᠮᠵᠢᠯᠡᠵᠦ ᠪᠤᠯᠬᠤ ᠶᠢ ᠪᠠᠲᠤᠯᠠᠨ᠎ᠠ᠃ ᠰᠤᠷᠭᠠᠭᠤᠯᠢ ᠶᠢᠨ ᠬᠤᠭᠤᠯᠠᠨ ᠭᠡᠷ ᠤᠨ ᠡᠯ᠎ᠡ ᠦᠢᠯᠡᠳᠦᠯ ᠴᠢᠳᠠᠪᠬᠢ ᠶᠢᠨ ᠬᠤᠭᠤᠷᠣᠨᠳᠣᠭᠢ ᠠᠵᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠮᠢᠶᠠᠷᠤᠯᠲᠠ ᠶᠢᠨ ᠠᠵᠢᠯᠲᠠᠨ᠂ ᠠᠵᠢᠯ ᠡᠷᠬᠢᠯᠡᠭᠰᠡᠳ ᠤᠨ ᠲᠣᠭᠲᠠᠮᠠᠯ ᠬᠤᠭᠤᠴᠠᠭ᠎ᠠ ᠲᠠᠢ   ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠭᠦᠷᠳᠡᠭᠦ ᠳᠦᠷᠢᠮ  ᠢ ᠳᠡᠭᠦᠯᠳᠡᠷᠵᠢᠭᠦᠯᠦᠨ᠎ᠡ; ᠲᠠᠪᠤ᠂︽ᠰᠤᠷᠭᠠᠭᠤᠯᠢ ᠶᠢᠨ ᠬᠦᠷᠢᠶᠡᠨ ᠤ ᠬᠤᠭᠤᠯᠠ︾ᠪᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠠᠬᠢᠭᠤᠯᠤᠨ᠎ᠠ᠃  ᠵᠠᠩᠭᠢᠯᠠᠭ᠎ᠠ ᠶᠢᠨ ᠬᠡᠰᠡᠭ᠂ ᠵᠠᠩᠭᠢᠯᠠᠭ᠎ᠠ ᠶᠢᠨ ᠲᠤᠨᠤᠭ ᠲᠥᠬᠦᠭᠡᠷᠦᠮᠵᠢ ᠶᠢ ᠭᠤᠣᠯᠳᠠᠯᠭ᠎ᠠ ᠲᠠᠢ ᠵᠠᠰᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠬᠤᠭᠤᠯᠠᠨ ᠭᠡᠷ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠪᠡᠯᠡ ᠮᠥᠩᠭᠦ ᠡᠳ᠋ ᠬᠥᠷᠥᠩᠭᠡ ᠶᠢᠨ ᠠᠮᠤᠷ ᠲᠦᠪᠰᠢᠨ ᠪᠠ ᠬᠤᠭᠤᠯᠠ ᠤᠮᠳᠠ ᠶᠢᠨ ᠰᠢᠮ᠎ᠡ ᠲᠡᠵᠢᠭᠡᠯ ᠡᠷᠡᠭᠦᠯ ᠮᠡᠨᠳᠤ ᠶᠢ ᠴᠢᠩᠭ᠎ᠠ ᠠᠩᠬᠠᠷᠴᠤ᠂ ᠰᠤᠷᠤᠬᠴᠢᠳ ᠤᠨ ᠢᠳᠡᠵᠦ ᠡᠮᠦᠰᠬᠦ ᠳᠡᠭᠡᠨ ᠵᠥᠪ ᠪᠠᠶᠢᠬᠤ᠂ ᠢᠳᠡᠵᠦ ᠡᠮᠦᠰᠬᠦ ᠳᠡᠭᠡᠨ ᠰᠠᠶᠢᠨ ᠪᠠᠶᠢᠬᠤ ᠶᠢ ᠪᠠᠳᠤᠯᠠᠨ᠎ᠠ; ᠵᠢᠷᠭᠤᠭ᠎ᠠ ᠳᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂  ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠣᠯᠣᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠠᠭᠰᠢ ᠰᠤᠷᠤᠬᠴᠢᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠡᠷᠡᠭᠦᠯ ᠮᠡᠨᠳᠦ ᠶᠢᠨ ᠲᠤᠬᠠᠢ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠠᠵᠢᠯᠲᠠᠨ᠂ ᠢᠳᠡᠭᠡᠨ ᠤ ᠡᠵᠡᠩᠨᠡᠯᠲᠡ ᠶᠢᠨ ᠬᠠᠷᠢᠭᠤᠴᠠᠯᠭᠠᠲᠠᠨ ᠳᠤ ᠲᠣᠭᠲᠠᠮᠠᠯ ᠬᠤᠭᠤᠴᠠᠭ᠎ᠠ ᠲᠠᠢ ᠪᠣᠯᠪᠠᠰᠤᠷᠠᠯ ᠬᠦᠷᠲᠡᠭᠡᠵᠦ᠂ ᠢᠳᠡᠭᠡᠨ ᠤ ᠠᠶᠤᠯ  ᠦᠭᠡᠢ ᠶᠢᠨ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号