ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠬᠥᠮᠦᠵᠢᠯ ᠢ ᠭᠦᠨᠵᠡᠭᠡᠶᠢᠷᠡᠭᠦᠯᠬᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 6 ᠠᠴᠠ 13 ᠤ ᠡᠳᠦᠷ ᠪᠤᠯᠲᠠᠯ᠎ᠠ ᠶᠠᠪᠤᠭᠳᠠᠭᠰᠠᠨ 2024 ᠣᠨ ᠤ ᠪᠦᠭᠦ ᠣᠷᠣᠨ ᠤ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ᠂ ᠵᠢᠣᠳᠣᠣ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠠᠯᠠᠪᠤᠷ ᠲᠤ᠂ ᠥᠪᠥᠷ ᠮᠣᠩᠭᠤᠯ ᠤᠨ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠲᠥᠪ ᠥᠪᠡᠷᠲᠡᠭᠡᠨ ᠵᠠᠰᠠᠬᠤ ᠣᠷᠣᠨ ᠤ ᠥᠷᠢᠰᠦᠯᠳᠦᠭᠡᠨᠲᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ᠲᠠᠢ ᠬᠠᠮᠲᠤᠷᠠᠨ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠬᠥᠮᠦᠵᠢᠯ ᠢ ᠭᠦᠨᠵᠡᠭᠡᠶᠢᠷᠡᠭᠦᠯᠬᠦ ᠠᠵᠢᠯᠯᠠᠭ᠎ᠠ ᠥᠷᠨᠢᠭᠦᠯᠪᠡ᠃      ᠲᠣᠰ ᠤᠳᠠᠭ᠎ᠠ ᠶᠢᠨ  ᠬᠥᠭᠡᠷᠦᠭᠦᠯᠬᠦ ᠡᠮ ᠬᠡᠷᠡᠭᠯᠡᠬᠦ   ᠶᠢ ᠡᠰᠡᠷᠭᠦᠴᠡᠬᠦ ᠬᠥᠮᠦᠵᠢᠯ ᠤᠨ ᠠᠵᠢᠯᠯᠠᠭ᠎ᠠ ᠨᠢ ᠤᠷᠤᠯᠳᠤᠭᠠᠨ ᠳᠤ ᠣᠷᠤᠯᠴᠠᠬᠤ ᠲᠠᠮᠢᠷᠴᠢᠳ ᠲᠤ ︽ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠵᠢᠷᠭᠤᠭᠠᠨ ᠲᠣᠭᠲᠠᠭᠠᠯ︾ ᠤᠨ ᠲᠤᠰᠬᠠᠢ ᠰᠡᠳᠦᠪᠲᠦ ᠪᠣᠯᠪᠠᠰᠤᠷᠠᠯ ᠬᠢᠵᠦ᠂ ᠲᠠᠮᠢᠷᠴᠢᠳ ᠢ ᠬᠠᠪᠰᠤᠷᠤᠨ ᠨᠠᠩ ᠣᠯᠠᠨ ᠬᠥᠭᠡᠷᠦᠭᠦᠯᠬᠦ ᠡᠮ ᠢ ᠡᠰᠡᠷᠭᠦᠴᠡᠬᠦ ᠮᠡᠳᠡᠯᠭᠡ ᠡᠵᠡᠮᠰᠢᠭᠦᠯᠵᠡᠢ᠃ ᠪᠠᠰᠠ 2024 ᠣᠨ ᠤ ᠪᠦᠭᠦ ᠣᠷᠣᠨ ᠤ ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠤᠯᠴᠠᠬᠤ ᠲᠠᠮᠢᠷᠴᠢᠳ ᠲᠤ ᠬᠥᠭᠡᠷᠦᠭᠦᠯᠬᠦ ᠡᠮ ᠢ ᠡᠰᠡᠷᠭᠦᠴᠡᠬᠦ  ᠬᠥᠮᠦᠵᠢᠯ ᠥᠷᠨᠢᠭᠦᠯᠬᠦ  ᠵᠥᠪᠰᠢᠶᠡᠷᠡᠯ ᠣᠯᠭᠤᠵᠤ᠂ ᠤᠷᠤᠯᠳᠤᠭᠠᠨ ᠳᠤ ᠣᠷᠤᠯᠴᠠᠬᠤ ᠳᠤ ᠬᠥᠭᠡᠷᠦᠭᠦᠯᠬᠦ ᠡᠮ ᠬᠡᠷᠡᠭᠯᠡᠬᠦ ᠶᠢ  ᠡᠰᠡᠷᠭᠦᠴᠡᠬᠦ ᠮᠡᠳᠡᠯᠭᠡ   ᠶᠢ ᠵᠠᠪᠠᠯ ᠰᠤᠷᠤᠯᠴᠠᠬᠤ᠂ ᠤᠷᠤᠯᠳᠤᠭᠠᠨ ᠳᠤ ᠣᠷᠤᠯᠴᠠᠬᠤ ᠳᠤ ᠵᠠᠪᠠᠯ ᠬᠥᠭᠡᠷᠦᠭᠦᠯᠬᠦ ᠡᠮ ᠤᠨ ᠬᠢᠨᠠᠨ ᠬᠡᠮᠵᠢᠯᠲᠡ ᠬᠢᠬᠦ ᠶᠢ ᠪᠡᠶᠡᠯᠡᠭᠦᠯᠵᠦ᠂ ᠬᠢᠷᠢ ᠲᠡᠩᠴᠡᠪᠡᠯ ᠰᠠᠶ᠋ᠢ ᠤᠷᠤᠯᠳᠤᠭᠠᠨ ᠳᠤ ᠣᠷᠣᠯᠴᠠᠵᠤ ᠪᠤᠯᠬᠤ ᠶᠢ ᠴᠢᠬᠤᠯᠠᠴᠢᠯᠠᠵᠠᠢ᠃  ᠵᠠᠯᠠᠭᠤᠴᠤᠳ ᠪᠠᠭᠠᠴᠤᠳ ᠲᠠᠮᠢᠷᠴᠢᠳ ᠤᠨ ᠬᠥᠭᠡᠷᠦᠭᠦᠯᠬᠦ ᠡᠮ ᠤᠨ ᠠᠰᠠᠭᠤᠳᠠᠯ ᠢ ᠬᠦᠨᠳᠦᠳᠬᠡᠬᠦ᠂ ᠬᠤᠷᠢᠭ᠎ᠠ ᠱᠤᠭᠤᠮ ᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠤᠷᠲᠠᠯ ᠴᠢᠬᠡᠴᠢ ᠣᠪᠣᠷ ᠲᠥᠪ᠂ ᠠᠷᠢᠭᠤᠨ ᠴᠡᠪᠡᠷ ᠡᠷᠬᠡ ᠲᠡᠭᠰᠢ ᠰᠠᠶᠢᠨ ᠰᠠᠶᠢᠬᠠᠨ ᠣᠷᠴᠢᠨ ᠢ  ᠪᠦᠭᠦ ᠬᠦᠴᠦᠨ ᠢᠶᠠᠷ ᠢᠶᠠᠨ ᠪᠤᠶ ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号