ᠲᠠᠪᠤᠨ ᠰᠠᠯᠠᠭ᠎ᠠ ᠮᠥᠴᠢᠷ ᠮᠡᠳᠡᠭᠳᠡᠯ ᠨᠡᠶᠢᠲᠡᠯᠡᠵᠦ ᠦᠶᠡᠷ ᠤᠨ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/7/25
       ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠦᠶᠡᠷ ᠤᠨ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ ᠨᠡᠶᠢᠲᠡᠯᠡᠪᠡ᠃            ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄            ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠤᠨ ᠡᠮᠦᠨᠡᠲᠦ ᠣᠷᠣᠨ ᠤ ᠣᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠪᠠ ᠭᠠᠵᠠᠷ ᠰᠢᠨᠵᠢᠯᠡᠭᠡ ᠶᠢᠨ ᠭᠠᠮᠰᠢᠭ ᠭᠠᠷᠴᠤ᠂ ᠰᠣᠶᠣᠯ ᠤᠨ ᠥᠪ ᠬᠥᠷᠥᠩᠭᠡ ᠶᠢᠨ ᠠᠮᠤᠷ ᠲᠦᠪᠰᠢᠨ ᠤ ᠠᠰᠠᠭᠤᠳᠠᠯ ᠨᠡᠩ ᠴᠢᠬᠤᠯᠠ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠠ ᠵᠠᠪᠰᠢᠶᠠᠨ ᠢ ᠡᠷᠢᠬᠦ ᠪᠣᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠤᠨ ᠬᠤᠭᠤᠴᠠᠭᠠᠨ ᠳᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠰᠣᠶᠣᠯ ᠤᠨ ᠨᠠᠷᠠᠲᠤ ᠬᠤᠲᠠ ︵ᠵᠡᠭᠡᠯᠢ ᠲᠣᠭᠤᠷᠢᠭ᠂ ᠲᠣᠰᠬᠤᠨ ᠪᠠᠯᠭᠠᠰᠤ︶ ᠵᠡᠷᠭᠡ ᠡᠯ᠎ᠡ ᠲᠥᠷᠥᠯ ᠤᠨ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠴᠢᠩᠭᠠᠳᠬᠠᠨ᠎ᠠ᠃            ᠨᠢᠭᠡ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ            ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠡᠷᠡᠭᠯᠡᠬᠦ  ᠨᠢᠭᠡᠴᠢ ᠵᠡᠷᠭᠡ ᠨᠢ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠥᠭᠡᠳ ᠰᠠᠶᠢᠲᠤᠷ ᠠᠳᠬᠤᠵᠤ᠂ ᠲᠦᠭᠰᠢᠭᠦᠷᠢ ᠶᠢᠨ ᠦᠵᠡᠯ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠷᠠᠭᠤᠯᠤᠨ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠢ ᠠᠵᠢᠯ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠴᠠᠭ ᠠᠭᠤᠷ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠲᠤᠬᠠᠢ ᠶᠢᠨ ᠭᠠᠵᠠᠷ ᠤᠨ ᠴᠠᠭ ᠠᠭᠤᠷ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠭ ᠲᠤᠬᠠᠢ ᠳᠤᠨᠢ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠥᠮᠥᠨ ᠬᠠᠷ᠎ᠠ ᠤᠯᠠᠨ ᠨᠡᠭᠡᠭᠡᠯᠲᠡ ᠲᠠᠢ ᠣᠷᠣᠨ ᠪᠦᠰᠡ᠂ ᠰᠣᠶᠣᠯ ᠤᠨ ᠥᠪ ᠬᠥᠷᠥᠩᠭᠡ ᠲᠥᠪᠯᠡᠷᠡᠭᠰᠡᠨ ᠣᠷᠣᠨ ᠪᠦᠰᠡ᠂ ᠭᠠᠮᠰᠢᠭ ᠶᠡᠬᠡᠲᠡᠢ ᠣᠷᠣᠨ ᠪᠦᠰᠡ ᠳᠤ ᠭᠤᠣᠯᠳᠠᠯᠭ᠎ᠠ ᠲᠠᠢ ᠬᠢᠨᠠᠨ ᠬᠡᠮᠵᠢᠯᠲᠡ ᠬᠢᠬᠦ ᠬᠡᠷᠡᠭᠲᠡᠢ᠃ ᠲᠣᠬᠢᠷᠠᠭᠤᠯᠤᠯᠲᠠ ᠪᠠ ᠵᠢᠯᠣᠭᠤᠳᠤᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠮᠰᠢᠭᠳᠠᠬᠤ ᠪᠣᠯᠣᠯᠴᠠᠭ᠎ᠠ ᠲᠠᠢ ᠭᠠᠵᠠᠷ ᠣᠷᠣᠨ ᠪᠣᠯᠣᠨ ᠬᠠᠮᠢᠶ᠎ᠠ ᠪᠦᠬᠦᠢ ᠨᠢᠭᠡᠴᠢ ᠶᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠲᠤᠰᠬᠠᠢ ᠪᠡᠯᠡᠳᠬᠡᠯ ᠲᠥᠰᠥᠯ ᠢ ᠤᠷᠢᠳᠴᠢᠯᠠᠨ ᠰᠠᠶᠢᠲᠤᠷ ᠬᠢᠯᠭᠡᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠬᠤᠯᠪᠣᠭᠳᠠᠯ ᠪᠦᠬᠦᠢ ᠨᠢᠭᠡᠴᠢ ᠪᠣᠯᠣᠨ ᠠᠵᠢᠯᠲᠠᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠪᠣᠯᠣᠨ ᠰᠡᠷᠭᠡᠶᠢᠯᠡᠬᠦ ᠵᠦᠭᠯᠡᠭᠦᠷ ᠢ ᠴᠠᠭ ᠲᠤᠬᠠᠢ ᠳᠤᠨᠢ ᠨᠡᠶᠢᠲᠡᠯᠡᠵᠦ᠂ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠲᠡᠷᠢᠭᠦᠨ ᠳᠤ ᠲᠠᠯᠪᠢᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃            ᠬᠤᠶᠠᠷ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ            ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠣᠨ ᠰᠣᠶᠣᠯ ᠤᠨ ᠥᠪ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠣᠶᠣᠯ ᠤᠨ ᠥᠪ ᠬᠥᠷᠥᠩᠭᠡ ᠶᠢᠨ ᠣᠨᠴᠠᠯᠢᠭ ᠪᠣᠯᠣᠨ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠵᠦ᠂ ᠲᠦᠭᠰᠢᠭᠦᠷᠢ ᠶᠢᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢᠯᠠᠩᠭᠤᠶ᠎ᠠ ᠰᠣᠶᠣᠯ ᠤᠨ ᠥᠪ ᠬᠥᠷᠥᠩᠭᠡ ᠶᠢᠨ ᠡᠷᠬᠡᠲᠦ ᠬᠥᠮᠥᠨ᠂ ᠬᠡᠷᠡᠭᠯᠡᠭᠴᠢ ᠶᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ᠠᠭᠤᠯᠠᠷᠬᠠᠭ ᠭᠠᠵᠠᠷ᠂ ᠬᠤᠲᠣᠭᠤᠷ ᠭᠠᠵᠠᠷ᠂ ᠭᠤᠣᠯ ᠮᠥᠷᠡᠨ ᠳᠠᠭᠠᠤ ᠣᠷᠣᠨ᠂ ᠦᠶᠡᠷ ᠤᠰᠤᠳᠠᠯ ᠤᠯᠠᠨ ᠣᠷᠣᠨ ᠵᠡᠷᠭᠡ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠰᠣᠶᠣᠯ ᠤᠨ ᠥᠪ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠬᠤᠲᠠ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠨᠡᠪᠲᠡᠷᠡᠯᠴᠡᠵᠦ᠂ ᠰᠡᠷᠭᠡᠶᠢᠯᠡᠬᠦ ᠬᠡᠷᠡᠭᠴᠡᠭᠡ ᠱᠠᠭᠠᠷᠳᠠᠯᠭ᠎ᠠ ᠪᠠᠨ ᠮᠡᠳᠡᠭᠦᠯᠬᠦ ᠶᠢᠨ ᠬᠠᠮᠲᠤ᠂ ᠬᠥᠭᠡᠷᠭᠡ᠂ ᠡᠯᠡᠰᠦᠨ ᠤᠭᠤᠲᠠ᠂ ᠤᠰᠤ ᠬᠤᠷᠢᠭᠯᠠᠬᠤ ᠬᠠᠭᠠᠯᠲᠠ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠬᠦ ᠬᠡᠷᠡᠭᠲᠡᠢ᠃ ᠰᠡᠯᠪᠢᠨ ᠵᠠᠰᠠᠬᠤ ᠪᠠᠷᠢᠯᠭ᠎ᠠ ᠶᠢᠨ ᠭᠠᠵᠠᠷ᠂ ᠬᠠᠭᠤᠴᠢ ᠰᠤᠳᠤᠯᠤᠯ ᠤᠨ ᠮᠠᠯᠲᠠᠬᠤ ᠠᠵᠢᠯ ᠤᠨ ᠲᠠᠯᠠᠪᠤᠷ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠦᠷᠢᠶᠡᠯᠡᠨ ᠬᠠᠰᠢᠬᠤ᠂ ᠪᠠᠬᠢᠵᠢᠭᠦᠯᠬᠦ᠂ ᠲᠤᠯᠭᠠᠭᠤᠷᠢᠯᠠᠬᠤ᠂ ᠤᠰᠤ ᠭᠠᠳᠠᠭᠰᠢᠯᠠᠭᠤᠯᠬᠤ ᠵᠡᠷᠭᠡ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠤᠰᠤ ᠭᠠᠳᠠᠭᠰᠢᠯᠠᠭᠤᠯᠬᠤ ᠵᠠᠮ ᠢ ᠴᠡᠪᠡᠷᠯᠡᠵᠦ᠂ ᠴᠢᠬᠤᠯᠠᠲᠠᠢ ᠦᠶ᠎ᠡ ᠳᠤ ᠲᠦᠷ ᠴᠠᠭ ᠴᠠᠬᠢᠯᠭᠠᠨ ᠢ ᠲᠠᠰᠤᠯᠠᠵᠦ ᠪᠣᠯᠣᠨ᠎ᠠ᠃ ᠰᠣᠶᠣᠯ ᠤᠨ ᠥᠪ ᠤᠨ ᠭᠠᠷᠤᠯᠲᠠ ᠶᠢᠨ ᠣᠷᠣᠨ᠂ ᠮᠦᠽᠧᠢ᠂ ᠤᠷᠠᠨ ᠵᠢᠷᠤᠭ ᠤᠨ ᠣᠷᠳᠣᠨ᠂ ᠪᠠᠭᠤᠷᠢ ᠶᠢᠨ ᠴᠡᠴᠡᠷᠯᠢᠭ᠂ ᠰᠣᠶᠣᠯ ᠤᠨ ᠥᠪ ᠤᠨ ᠲᠥᠷᠥᠯ ᠤᠨ ᠦᠵᠡᠮᠵᠢ ᠶᠢᠨ ᠣᠷᠣᠨ ᠵᠡᠷᠭᠡ ᠬᠥᠮᠥᠨ ᠬᠠᠷ᠎ᠠ ᠤᠯᠠᠨ ᠨᠡᠭᠡᠭᠡᠯᠲᠡ ᠲᠠᠢ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠴᠠᠭ ᠲᠤᠬᠠᠢ ᠳᠤ ᠨᠢ ᠰᠡᠷᠭᠡᠶᠢᠯᠡᠨ ᠬᠠᠮᠠᠭᠠᠯᠠᠵᠤ᠂ ᠭᠡᠷ ᠤᠨ ᠭᠠᠳᠠᠨᠠᠬᠢ ᠳᠡᠯᠭᠡᠨ ᠦᠵᠡᠭᠦᠯᠦᠯᠭᠡ ᠶᠢ ᠬᠤᠷᠢᠶᠠᠨ ᠠᠪᠴᠤ᠂ ᠵᠤᠭᠠᠴᠠᠭᠰᠠᠳ ᠢ ᠬᠥᠲᠥᠯᠥᠨ ᠵᠢᠯᠤᠭᠤᠳᠬᠤ ᠲᠠᠷᠬᠠᠭᠠᠬᠤ ᠵᠠᠮ ᠱᠤᠭᠤᠮ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠢ ᠤᠷᠢᠳᠴᠢᠯᠠᠨ ᠪᠠᠶᠢᠭᠤᠯᠤᠨ᠎ᠠ᠃ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ᠂ ᠡᠷᠲᠡᠨ ᠤ ᠣᠩᠭᠤᠨ᠂ ᠴᠢᠯᠠᠭᠤᠨ ᠠᠭᠤᠢ ᠶᠢᠨ ᠰᠦᠮ᠎ᠡ᠂ ᠣᠶᠢᠷ᠎ᠠ ᠦᠶ᠎ᠡ ᠶᠢᠨ ᠲᠥᠯᠥᠭᠡᠯᠡᠬᠦ ᠴᠢᠨᠠᠷᠲᠠᠢ ᠪᠠᠷᠢᠯᠭ᠎ᠠ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡ ᠰᠣᠶᠣᠯ ᠤᠨ ᠲᠣᠰᠬᠤᠨ ᠪᠠᠯᠭᠠᠰᠤ᠂ ᠤᠯᠠᠮᠵᠢᠯᠠᠯᠲᠤ ᠲᠣᠰᠬᠤᠨ ᠵᠢᠴᠢ ᠴᠡᠴᠡᠷᠯᠢᠭ᠂ ᠡᠷᠲᠡᠨ ᠤ ᠮᠣᠳᠣ ᠨᠡᠷᠡᠲᠦ ᠮᠣᠳᠣ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠲᠠᠢ ᠭᠠᠵᠠᠷ ᠣᠷᠣᠨ ᠳᠤ ᠢᠯᠡᠷᠬᠡᠢ ᠰᠡᠷᠡᠮᠵᠢ ᠶᠢᠨ ᠲᠡᠮᠳᠡᠭ ᠫᠠᠶᠢᠰᠠ ᠭᠠᠷᠭᠠᠵᠤ᠂ ᠰᠢᠷᠦᠭᠦᠨ ᠪᠣᠷᠣᠭᠠᠨ᠂ ᠦᠶᠡᠷ ᠤᠰᠤᠲᠤᠯ ᠵᠡᠷᠭᠡ ᠶᠢᠨ ᠰᠣᠶᠣᠯ ᠤᠨ ᠥᠪ ᠪᠣᠯᠣᠨ ᠡᠷᠭᠢᠨ ᠲᠣᠭᠤᠷᠢᠨ ᠤ ᠬᠥᠮᠥᠰ ᠲᠤ ᠬᠤᠶᠠᠳᠠᠭᠢ ᠤᠳᠠᠭ᠎ᠠ ᠬᠥᠨᠥᠭᠡᠯ ᠪᠣᠯᠬᠤ ᠠᠴᠠ ᠵᠠᠶᠢᠯᠠᠰᠬᠢᠬᠦ ᠬᠡᠷᠡᠭᠲᠡᠢ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢ ᠥᠷᠨᠢᠭᠦᠯᠵᠦ ᠪᠠᠶᠢᠭ᠎ᠠ ᠠᠵᠢᠯᠲᠠᠳ ᠰᠣᠶᠣᠯ ᠤᠨ ᠥᠪ ᠤᠨ ᠭᠠᠷᠤᠯᠲᠠ ᠶᠢᠨ ᠭᠠᠵᠠᠷ ᠤᠨ ᠴᠠᠭ ᠠᠭᠤᠷ ᠪᠠ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠤᠪᠢ ᠬᠥᠮᠥᠨ ᠤ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃            ᠭᠤᠷᠪᠠ᠂ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠡᠯᠪᠢᠨ ᠵᠠᠰᠠᠵᠤ ᠵᠠᠰᠠᠨ ᠰᠡᠷᠭᠦᠭᠡᠬᠦ ᠶᠢ ᠴᠢᠩᠭᠠᠳᠬᠠᠬᠤ ᠬᠡᠷᠡᠭᠲᠡᠢ          ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠡᠷᠡᠭᠯᠡᠬᠦ ᠨᠢᠭᠡᠴᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠤᠳᠤᠷᠢᠳᠬᠤ ᠺᠠᠳ᠋ᠷ ᠡᠮᠦᠨ᠎ᠡ ᠨᠢ ᠵᠢᠯᠤᠭᠤᠳᠴᠤ᠂ ᠨᠢᠭᠡᠳᠦᠭᠡᠷ ᠹᠷᠣᠨᠲ ᠤᠨ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠶ᠎ᠠ ᠣᠷᠣᠨ ᠤ ᠪᠠᠨ ᠬᠠᠮᠢᠶ᠎ᠠ ᠪᠦᠬᠦᠢ ᠨᠢᠭᠡᠴᠢ ᠶᠢᠨ ᠭᠠᠮᠰᠢᠭᠳᠠᠭᠰᠠᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠠᠵᠢᠯ ᠪᠠ ᠭᠠᠮᠰᠢᠭ ᠤᠨ ᠳᠠᠷᠠᠭᠠᠬᠢ ᠠᠵᠢᠯ ᠥᠷᠨᠢᠭᠦᠯᠦᠭᠰᠡᠨ ᠪᠠᠶᠢᠳᠠᠯ ᠢᠶᠠᠨ ᠴᠠᠭ ᠲᠤᠬᠠᠢ  ᠳᠤᠨᠢ ᠣᠨᠣᠪᠴᠢᠲᠠᠶ ᠮᠡᠳᠡᠭᠦᠯᠬᠦ ᠬᠡᠷᠡᠭᠲᠡᠢ᠃ ᠴᠠᠭ ᠲᠤᠬᠠᠢ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠮᠰᠢᠭ ᠠᠴᠠ ᠠᠪᠤᠷᠠᠵᠤ᠂ ᠬᠠᠮᠠᠭᠠᠯᠠᠯᠲᠠ ᠶᠢᠨ ᠠᠵᠢᠯ ᠢ ᠲᠣᠬᠢᠲᠠᠢ ᠰᠠᠶᠢᠲᠤᠷ ᠬᠢᠵᠦ᠂ ᠬᠠᠭᠤᠴᠢᠨ ᠲᠣᠨᠣᠭᠯᠠᠯ ᠢ ᠪᠦᠬᠦ ᠬᠦᠴᠦᠨ ᠢᠶᠠᠷ ᠢᠶᠠᠨ ᠴᠤᠭᠯᠠᠭᠤᠯᠤᠨ ᠰᠠᠶᠢᠲᠤᠷ ᠬᠠᠳᠠᠭᠠᠯᠠᠵᠤ᠂ ᠰᠡᠯᠪᠢᠨ ᠵᠠᠰᠠᠵᠤ ᠵᠠᠰᠠᠨ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠵᠤ᠂ ᠰᠣᠶᠣᠯ ᠤᠨ ᠥᠪ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠴᠠᠭ ᠲᠤᠬᠠᠢ ᠳᠤᠨᠢ ᠤᠰᠤ ᠭᠠᠳᠠᠭᠰᠢᠯᠠᠭᠤᠯᠬᠤ ᠶᠢᠨ ᠠᠷᠭ᠎ᠠ ᠦᠭᠡᠢ᠂ ᠲᠦᠭᠰᠢᠭᠦᠷᠢᠲᠦ ᠪᠠᠶᠢᠳᠠᠯ ᠭᠠᠷᠤᠭᠰᠠᠨ ᠰᠣᠶᠣᠯ ᠤᠨ ᠥᠪ ᠤᠨ ᠭᠠᠷᠤᠯᠲᠠ ᠶᠢᠨ ᠭᠠᠵᠠᠷ ᠪᠣᠯᠣᠨ ᠣᠯᠠᠨ ᠨᠡᠶᠢᠲᠡ ᠶᠢᠨ ᠨᠡᠭᠡᠭᠡᠯᠲᠡ ᠲᠠᠢ ᠣᠷᠣᠨ ᠪᠦᠰᠡ ᠳᠤ ᠬᠥᠮᠥᠰ ᠢ ᠲᠠᠷᠬᠠᠭᠠᠨ ᠰᠢᠯᠵᠢᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠰᠡᠷᠡᠮᠵᠢᠯᠡᠭᠦᠯᠬᠦ ᠱᠤᠭᠤᠮ ᠪᠠᠶᠢᠷᠢᠯᠠᠭᠤᠯᠬᠤ ᠬᠡᠷᠡᠭᠲᠡᠢ᠃ ᠬᠦᠨᠳᠦ ᠶᠡᠭᠡ ᠪᠠᠶᠢᠭᠠᠯᠢ ᠶᠢᠨ ᠭᠠᠮᠰᠢᠭ ᠡᠭᠦᠰᠦᠭᠰᠡᠨ ᠪᠣᠯᠣᠨ ᠰᠣᠶᠣᠯ ᠤᠨ ᠥᠪ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠪᠠᠯ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠰᠣᠶᠣᠯ ᠤᠨ ᠥᠪ ᠬᠥᠷᠥᠩᠭᠡ ᠶᠢᠨ ᠥᠷᠲᠡᠭ ᠤᠨ ᠣᠨᠴᠠᠯᠢᠭ ᠪᠣᠯᠣᠨ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ᠂ ᠡᠪᠳᠡᠭᠳᠡᠭᠰᠡᠨ ᠰᠣᠶᠣᠯ ᠤᠨ ᠥᠪ ᠬᠥᠷᠥᠩᠭᠡ ᠶᠢ ᠰᠡᠯᠪᠢᠨ ᠵᠠᠰᠠᠵᠤ ᠵᠠᠰᠠᠨ ᠰᠡᠷᠭᠦᠭᠡᠬᠦ ᠪᠠ ᠤᠰᠤ ᠶᠢ  ᠬᠤᠷᠢᠭᠯᠠᠵᠤ ᠤᠰᠤᠳᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ ᠵᠡᠷᠭᠡ ᠪᠡᠯᠡᠳᠬᠡᠮᠵᠢ ᠶᠢ ᠥᠭᠡᠷᠡᠴᠢᠯᠡᠬᠦ ᠠᠵᠢᠯ ᠢ ᠲᠦᠷᠭᠡᠬᠡᠨ ᠥᠷᠨᠢᠭᠦᠯᠵᠦ᠂ ᠰᠣᠶᠣᠯ ᠤᠨ ᠥᠪ ᠬᠥᠷᠥᠩᠭᠡ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠪᠦᠬᠦᠯᠢ ᠴᠣᠭᠴᠠ ᠪᠠᠷ  ᠨᠢ ᠳᠡᠭᠡᠭᠰᠢᠯᠡᠭᠦᠯᠵᠦ᠂ ᠰᠣᠶᠣᠯ ᠤᠨ ᠥᠪ ᠬᠥᠷᠥᠩᠭᠡ ᠶᠢᠨ ︽ᠬᠤᠬᠢᠷᠠᠯ︾  ᠠᠴᠠ ᠵᠠᠶᠢᠯᠠᠰᠬᠢᠬᠦ ᠬᠡᠷᠡᠭᠲᠡᠢ᠃            ᠳᠥᠷᠪᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ            ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠬᠤ ᠪᠠᠨ ᠴᠢᠩᠬᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠳᠠᠯᠠᠬᠤ ᠬᠡᠷᠡᠭᠲᠡᠢ᠃ ᠵᠥᠪᠳᠡᠯᠴᠡᠨ ᠰᠤᠳᠤᠯᠤᠨ ᠮᠠᠭᠠᠳᠯᠠᠬᠤ᠂ ᠮᠡᠳᠡᠭᠡ ᠵᠠᠩᠭᠢ ᠨᠡᠪᠲᠡᠷᠡᠭᠦᠯᠬᠦ᠂ ᠤᠷᠢᠳᠴᠢᠯᠠᠨ ᠰᠡᠷᠡᠮᠵᠢ ᠨᠡᠶᠢᠲᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠤᠮᠳᠠ ᠪᠠ ᠤᠷᠲᠤ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠥᠰᠥᠯ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠰᠣᠶᠣᠯ ᠤᠨ ᠥᠪ ᠢ ᠬᠠᠮᠠᠭᠠᠯᠠᠵᠤ ᠰᠡᠯᠪᠢᠨ ᠵᠠᠰᠠᠬᠤ ᠰᠠᠭᠤᠷᠢ ᠮᠥᠩᠭᠦ ᠵᠡᠷᠭᠡ ᠪᠡᠯᠡ ᠮᠥᠩᠭᠦ ᠶᠢᠨ ᠢᠷᠡᠯᠲᠡ ᠶᠢᠨ ᠣᠯᠠᠨ ᠡᠰᠢᠵᠢᠭᠰᠡᠨ ᠠᠷᠭ᠎ᠠ ᠵᠠᠮ ᠢ ᠰᠦᠪᠡᠭᠴᠢᠯᠡᠨ ᠪᠠᠶᠢᠭᠤᠯᠵᠤ᠂ ᠰᠣᠶᠣᠯ ᠤᠨ ᠥᠪ ᠤᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠳᠡᠮᠵᠢᠯᠭᠡ ᠬᠠᠩᠭᠠᠵᠤ ᠬᠠᠪᠰᠤᠷᠤᠨ ᠲᠡᠳᠬᠦᠬᠦ ᠬᠡᠷᠡᠭᠲᠡᠢ᠃ ᠲᠤᠬᠠᠢ ᠶᠢᠨ ᠭᠠᠵᠠᠷ ᠤᠨ ᠣᠯᠠᠨ ᠲᠦᠮᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷᠠᠴᠤᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠤᠨ ᠥᠪ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠤᠨ ᠰᠦᠪᠡᠭᠴᠢ ᠶᠢ ᠪᠠᠶᠢᠩᠭᠤᠵᠢᠭᠤᠯᠤᠨ ᠴᠤᠭᠯᠠᠭᠤᠯᠤᠨ᠎ᠠ᠃ ᠰᠦᠯᠵᠢᠶᠡᠨ ᠤ ᠶᠠᠷᠢᠶ᠎ᠠ  ᠬᠡᠯᠡᠯᠴᠡᠭᠡ ᠶᠢ ᠦᠷᠭᠦᠯᠵᠢᠯᠡᠨ ᠠᠩᠬᠠᠷᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠣᠨᠣᠪᠴᠢᠲᠠᠶ ᠬᠠᠷᠢᠭᠤᠯᠲᠠ ᠥᠭᠭᠦᠨ᠎ᠡ᠃          ᠢᠷᠡᠯᠲᠡ᠄ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号