ᠮᠠᠨ ᠤ ᠣᠷᠣᠨ ᠤᠷᠤᠯᠭ᠎ᠠ ᠪᠠᠭᠠᠲᠠᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠡᠭᠦᠷᠭᠡ  ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/7/25
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ  ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤᠷᠤᠯᠭ᠎ᠠ ᠶᠢ ᠨᠡᠮᠡᠭᠳᠡᠭᠦᠯᠵᠦ ᠵᠠᠷᠤᠯᠭ᠎ᠠ  ᠶᠢ ᠪᠠᠭᠠᠰᠬᠠᠬᠤ ᠠᠷᠭ᠎ᠠ ᠭᠡᠯᠪᠡᠷᠢ ᠪᠠᠷ ᠳᠠᠮᠵᠢᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ  ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠭᠤᠣᠯ ᠡᠭᠦᠷᠭᠡ ᠶᠢ ᠠᠬᠢᠭᠤᠯᠵᠤ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃      ᠮᠠᠨ ᠤ ᠣᠷᠣᠨ ᠠᠵᠤ ᠦᠢᠯᠡᠰ ᠪᠠ ᠠᠵᠢᠯ ᠣᠯᠭᠤᠯᠲᠠ ᠪᠠᠷ ᠣᠷᠣᠯᠭ᠎ᠠ ᠶᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ 2024 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠤᠯᠭᠠᠯᠴᠠᠭ᠎ᠠ ᠶᠢᠨ ᠪᠡᠯᠡ ᠮᠥᠩᠭᠦ ᠶᠢᠨ 77.3% ᠶᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠵᠦ᠂ ᠳᠡᠭᠡᠷ᠎ᠡ ᠵᠢᠯ  ᠤᠨ ᠬᠢ ᠠᠴᠠ ᠵᠠᠭᠤᠨ ᠤ ᠬᠠᠷᠢᠴᠠᠯ ᠢᠶᠠᠷ 10 ᠬᠤᠪᠢ ᠨᠡᠮᠡᠭᠳᠡᠪᠡ; 5 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠤ ᠶᠠᠳᠠᠭᠤ ᠠᠴᠠ ᠠᠩᠭᠢᠵᠢᠷᠠᠭᠰᠠᠨ 21.3 ᠲᠦᠮᠡᠨ ᠬᠥᠮᠥᠨ ᠠᠮᠠ ᠳᠤ ᠠᠵᠢᠯ ᠣᠯᠭᠤᠵᠤ᠂ ᠤᠯᠤᠰ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠪᠠᠨ 108.5% ᠪᠠᠷ ᠪᠡᠶᠡᠯᠡᠭᠦᠯᠵᠡᠢ᠃ ᠡᠭᠦᠨ ᠤ ᠬᠠᠮᠲᠤ ᠵᠠᠷᠤᠯᠭ᠎ᠠ ᠶᠢ ᠪᠠᠭᠠᠰᠬᠠᠵᠤ ᠥᠪᠡᠷ ᠤᠨ ᠦᠷᠳᠡᠭ ᠢ ᠪᠠᠭᠤᠷᠠᠭᠤᠯᠬᠤ ᠶᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠢᠳᠡᠪᠬᠢᠲᠡᠢ ᠬᠠᠷᠢᠯᠴᠠᠨ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠬᠦᠦ ᠮᠥᠩᠭᠦ ᠶᠢᠨ ᠵᠠᠷᠤᠯᠭ᠎ᠠ ᠶᠢ ᠪᠠᠭᠠᠰᠬᠠᠪᠠ᠃ 6 ᠰᠠᠷ᠎ᠠ ᠶᠢᠨ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ  ᠶᠢᠨ ᠬᠤᠯᠪᠣᠭᠠᠲᠤ ᠬᠤᠷᠰᠢᠶ᠎ᠠ ︽ᠳᠠᠩᠰᠠᠯᠠᠵᠤ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠵᠢᠭᠡᠯᠡᠯᠭᠡ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠶᠠᠪᠤᠳᠠᠯ ᠢ ᠤᠯᠠᠮ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠭᠡ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠦᠭᠦᠨ  ᠢ LPR ᠬᠦᠦ ᠮᠥᠩᠭᠦ ᠶᠢᠨ ᠨᠣᠷᠮ᠎ᠠ ᠪᠣᠯᠭᠠᠨ ᠪᠠᠭᠤᠷᠠᠭᠤᠯᠪᠠ᠃ ᠠᠩᠬ᠎ᠠ ᠠᠯᠬᠤᠮ ᠤᠨ ᠵᠢᠱᠢᠯᠲᠡ ᠪᠠᠷ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠠᠵᠢᠯ ᠨᠢ ᠲᠦᠮᠡ ᠭᠠᠷᠤᠢ ᠶᠠᠳᠠᠭᠤ ᠠᠴᠠ ᠠᠩᠭᠢᠵᠢᠷᠠᠭᠰᠠᠨ ᠡᠷᠦᠭᠡ ᠳᠤ ᠬᠤᠯᠪᠣᠭᠳᠠᠵᠤ᠂ ᠡᠷᠦᠭᠡ ᠪᠦᠷᠢ ᠶᠢᠨ ᠳᠤᠮᠳᠠᠴᠢ ᠵᠠᠷᠤᠯᠭ᠎ᠠ ᠶᠢ 4000 ᠲᠥᠭᠦᠷᠢᠭ ᠪᠠᠭᠠᠰᠬᠠᠨ᠂ ᠨᠡᠶᠢᠲᠡ 4000 ᠲᠦᠮᠡᠨ ᠲᠥᠭᠦᠷᠢᠭ ᠤᠨ ᠬᠦᠦ ᠮᠥᠩᠭᠦ ᠶᠢ ᠬᠠᠰᠤᠵᠤ ᠬᠡᠯᠲᠦᠷᠢᠭᠦᠯᠪᠡ᠃ ᠣᠳᠣᠬᠠᠨ ᠳᠤ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠭᠡ ᠪᠤᠰᠤᠳ ᠪᠠᠩᠬᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠴᠤ ᠵᠠᠷᠤᠳᠠᠯ ᠢ ᠪᠠᠭᠠᠰᠬᠠᠵᠤ ᠬᠦᠦ ᠮᠥᠩᠭᠦ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号