2024 ᠣᠨ ᠤ ᠬᠥᠬᠡᠬᠤᠲᠠ ᠶᠢᠨ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠰᠠᠶᠢᠬᠠᠨ ᠲᠣᠭᠤᠷᠢᠭ ᠤᠨ ᠬᠤᠪᠢᠶᠠᠷᠢ ᠥᠷᠲᠡᠭᠡᠨ ᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 24 ᠤ ᠦᠳᠡ ᠶᠢᠨ ᠡᠮᠦᠨ᠎ᠡ᠂ 2024 ᠣᠨ ᠤ ᠬᠥᠬᠡᠬᠤᠲᠠ ᠶᠢᠨ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠰᠠᠶᠢᠬᠠᠨ ᠲᠣᠭᠤᠷᠢᠭ ᠤᠨ ᠬᠤᠪᠢᠶᠠᠷᠢ ᠥᠷᠲᠡᠭᠡᠨ ᠤ ᠤᠷᠤᠯᠳᠤᠭᠠᠨ ᠴᠢᠦ ᠯᠢᠩ ᠴᠡᠴᠡᠷᠯᠢᠭ ᠲᠤ ᠡᠬᠢᠯᠡᠵᠦ᠂ ᠪᠦᠬᠦ ᠲᠣᠭᠤᠷᠢᠭ ᠤᠨ ᠡᠯ᠎ᠡ ᠪᠠᠯᠭᠠᠰᠤ︵ᠵᠡᠭᠡᠯᠢ ᠭᠤᠳᠤᠮᠵᠢ︶᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠠᠴᠠ ᠢᠷᠡᠭᠰᠡᠨ 35 ᠰᠠᠯᠪᠤᠷᠢ ᠲᠠᠯᠠᠪᠠᠢ ᠶᠢᠨ ᠪᠥᠵᠢᠭ ᠤᠨ ᠡᠩᠨᠡᠭᠡ ᠣᠷᠣᠯᠴᠠᠪᠠ᠃                  ᠶᠣᠰᠣᠯᠠᠯ ᠳᠡᠭᠡᠷ᠎ᠡ᠂ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠤᠨ ᠡᠩᠨᠡᠭᠡ ᠪᠠᠶᠢᠵᠤ᠂ ᠣᠷᠣᠨ ᠨᠤᠲᠤᠭ ᠤᠨ ᠰᠣᠶᠣᠯ ᠤᠨ ᠥᠪᠡᠷᠮᠢᠴᠡ ᠡᠭᠡᠰᠢᠭ ᠢ ᠪᠦᠷᠢᠨ ᠭᠦᠢᠴᠡᠳ ᠢᠯᠡᠷᠡᠭᠦᠯᠵᠦ᠂ ᠤᠳᠤ ᠦᠶ᠎ᠡ ᠶᠢᠨ ᠴᠠᠭ ᠤᠨ ᠥᠩᠭᠡ ᠶᠢ ᠳᠠᠭᠠᠭᠰᠠᠨ ᠬᠤᠪᠴᠠᠰᠤ ᠵᠠᠰᠠᠯ ᠤᠨ ᠡᠩᠨᠡᠭᠡ ᠶᠢ ᠰᠣᠩᠭᠤᠵᠤ᠂ ᠠᠮᠢᠵᠢᠷᠠᠯ ᠤᠨ ᠬᠦᠴᠦᠨ ᠤ ᠳᠦᠷᠢ ᠲᠥᠷᠬᠦ ᠪᠠᠷ ᠰᠢᠨ᠎ᠡ ᠴᠠᠭ ᠦᠶ᠎ᠡ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
           ᠪᠠᠶᠠᠷ ᠪᠠᠶᠠᠰᠬᠤᠯᠠᠩᠲᠤ ᠬᠥᠭ ᠠᠶᠠᠰ ᠢᠶᠠᠷ ᠬᠥᠰᠢᠭᠡ ᠪᠠᠨ ᠰᠡᠬᠦᠵᠦ᠂ ᠤᠷᠤᠯᠳᠤᠭᠠᠨ ᠵᠢᠩᠬᠢᠨᠢ ᠪᠠᠷ ᠡᠬᠢᠯᠡᠵᠦ᠂ ᠦᠵᠡᠭᠴᠢᠳ ᠲᠤ ᠭᠤᠶᠢᠳᠠ ᠰᠠᠶᠢᠬᠠᠨ ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠪᠠ᠃
     ᠲᠠᠯᠠᠪᠠᠢ ᠶᠢᠨ ᠪᠥᠵᠢᠭ ᠣᠯᠠᠨ ᠲᠦᠮᠡᠨ ᠤ ᠪᠠᠭ᠋ᠠᠷᠬᠠᠯ ᠢ ᠲᠠᠳᠠᠵᠦ᠂ ᠰᠠᠶᠢᠬᠠᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠨᠢᠭᠡᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠣᠨ᠎ᠠ᠃ ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠥᠷᠭᠡᠨ ᠣᠯᠠᠨ ᠬᠤᠲᠠ ᠶᠢᠨ ᠠᠷᠠᠳ ᠲᠤ ᠠᠭᠤᠳᠠᠮ ᠲᠠᠯᠠᠪᠠᠶ ᠶᠢᠨ ᠪᠥᠵᠢᠭ ᠤᠨ ᠷᠢᠳᠢ ᠰᠢᠳᠢ ᠶᠢ ᠬᠦᠷᠲᠡᠭᠡᠭᠰᠡᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃           ᠣᠶᠢᠯᠠᠭᠠᠭᠰᠠᠨ ᠢᠶᠠᠷ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠰᠠᠶᠢᠬᠠᠨ ᠲᠣᠭᠤᠷᠢᠭ ᠤᠨ ᠬᠤᠪᠢᠶᠠᠷᠢ ᠥᠷᠲᠡᠭᠡ ᠶᠢᠨ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠪᠠ᠃ ᠠᠩᠬᠠᠨ ᠤ ᠤᠷᠤᠯᠳᠤᠭᠠᠨ ᠤ ᠬᠤᠶᠠᠳᠤᠭᠠᠷ ᠲᠠᠯᠠᠪᠤᠷ 7 ᠰᠠᠷ᠎ᠠ ᠶᠢᠨ 25 ᠤ ᠦᠳᠡ ᠶᠢᠨ ᠡᠮᠦᠨᠡᠬᠢ 9 ᠴᠠᠭ ᠲᠤ ᠰᠠᠶᠢᠬᠠᠨ ᠲᠣᠭᠤᠷᠢᠭ ᠤᠨ ᠴᠢᠦ ᠯᠢᠩ ᠴᠡᠴᠡᠷᠯᠢᠭ ᠲᠤ ᠦᠷᠭᠦᠯᠵᠢᠯᠡᠨ ᠶᠠᠪᠤᠭᠳᠠᠵᠤ᠂ ᠰᠢᠢᠳᠪᠦᠷᠢᠲᠦ ᠤᠷᠤᠯᠳᠤᠭᠠᠨ 8 ᠰᠠᠷ᠎ᠠ ᠶᠢᠨ 8 ᠤ ᠦᠳᠡ ᠶᠢᠨ ᠡᠮᠦᠨᠡᠬᠢ 9 ᠴᠠᠭ ᠲᠤ ᠲᠣᠷᠭᠠᠨ ᠵᠠᠮ ᠤᠨ ᠴᠡᠴᠡᠷᠯᠢᠭ ᠲᠤ ᠶᠠᠪᠤᠭᠳᠠᠨ᠎ᠠ᠂ ᠬᠤᠳᠠ ᠶᠢᠨ ᠠᠷᠠᠳ  ᠤᠳ ᠬᠦᠷᠦᠯᠴᠡᠨ ᠢᠷᠡᠵᠦ ᠰᠣᠨᠢᠷᠬᠠᠬᠤ ᠶᠢ ᠪᠠᠶᠠᠷᠯᠠᠨ ᠤᠭᠳᠤᠵᠤ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号