| | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠪᠠᠶᠢᠭᠤᠯᠬᠤ ᠶᠢᠨ | ᠬᠠᠮᠲᠤ ᠥᠨᠳᠥᠷ ᠪᠦᠲᠦᠮᠵᠢᠲᠡᠶ ᠪᠠᠷ ᠠᠷᠭᠠᠴᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ 2024 ᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠲᠥᠰᠥᠯ ᠢ ᠨᠠᠷᠢᠨ ᠨᠢᠮᠪᠠᠢ ᠤᠬᠠᠭᠠᠯᠠᠬᠤ ᠶᠢᠨ ᠬᠠᠮᠲᠤ ᠴᠢᠩᠭ᠎ᠠ | ᠬᠡᠷᠡᠭᠵᠢᠭᠦᠯᠵᠦ᠂ ᠪᠥᠬᠦ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠪᠠᠲᠤ ᠪᠠᠬᠢ | ᠮᠡᠷᠭᠡᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠭᠰᠠᠨ ᠪᠠᠶᠢᠨ᠎ᠠ᠃ | | ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠬᠦ ᠶᠠᠪᠤᠴᠠ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠴᠢᠬᠤᠯᠠ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ᠂ ᠵᠠᠩᠭᠢᠯᠠᠭ᠎ᠠ ᠶᠢᠨ ᠠᠵᠢᠯ ᠲᠥᠷᠥᠯ ᠤᠨ ᠬᠦᠷᠢᠶ᠎ᠡ ᠵᠢᠴᠢ ᠥᠨᠳᠥᠷ ᠳᠠᠪᠲᠠᠮᠵᠢᠲᠤ ᠬᠡᠷᠡᠭᠯᠡᠭᠡᠨ ᠤ | ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠰᠤᠭᠤᠴᠢᠨ ᠪᠠᠶᠢᠴᠠᠭᠠᠬᠤ ᠪᠠ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠭᠤᠰᠤᠯᠴᠠᠭᠤᠯᠵᠤ᠂ ︽ᠢᠳᠡᠭᠡᠨ ᠤ ᠠᠮᠤᠷ ᠲᠦᠪᠰᠢᠨ ᠤ ᠥᠯᠢᠭᠡᠷ ᠠᠪᠴᠤ | ᠰᠢᠯᠭᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠬᠡᠮᠵᠢᠬᠦ ᠠᠵᠢᠯ ᠤᠨ ᠵᠢᠷᠤᠮᠵᠢᠯ︾ ᠵᠢᠴᠢ ᠰᠢᠨ᠎ᠡ ᠪᠠᠷ | ᠨᠡᠶᠢᠲᠡᠯᠡᠭᠰᠡᠨ ︽ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ | ᠲᠦᠭᠰᠢᠭᠦᠷᠢ ᠶᠢ ᠬᠢᠨᠠᠨ ᠬᠡᠮᠵᠢᠬᠦ ᠶᠢᠨ ᠬᠡᠷᠡᠭᠵᠢᠭᠦᠯᠬᠦ ᠨᠠᠷᠢᠨ ᠳᠦᠷᠢᠮ ︵2024 ᠬᠡᠪᠯᠡᠯ︶︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠤᠭᠤᠴᠢᠨ ᠪᠠᠶᠢᠴᠠᠭᠠᠬᠤ ᠠᠵᠢᠯ ᠤᠨ ᠵᠢᠷᠤᠮᠵᠢᠯᠳᠤ | ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ ᠪᠠᠲᠤᠯᠠᠪᠠ᠃ | | ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ | ᠳᠡᠭᠡᠷ᠎ᠡ ᠬᠠᠭᠠᠰ ᠵᠢᠯ ᠤᠨ ᠰᠤᠭᠤᠴᠢᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠲᠡ | 244 ᠪᠦᠯᠦᠭ ᠢᠳᠡᠭᠡᠨ ᠢ ᠰᠤᠭᠤᠴᠢᠨ ᠪᠠᠶᠢᠴᠠᠭᠠᠵᠤ᠂ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠭᠤᠷᠪᠠᠨ | ᠶᠡᠭᠡ ᠭᠤᠭᠴᠤᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠡᠭᠦᠨ ᠳᠤ᠂ ᠭᠦᠢᠯᠭᠡᠭᠡᠨ ᠤ ᠭᠤᠭᠴᠤᠭ᠎ᠠ ᠶᠢᠨ | ᠢᠯᠡᠷᠡᠯ ᠲᠤᠶᠢᠯ ᠤᠨ ᠲᠣᠪᠣᠶᠢᠮ᠎ᠠ ᠪᠠᠶᠢᠵᠤ᠂ ᠨᠡᠶᠢᠲᠡ 205 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ | ᠲᠠᠷᠢᠶᠠᠯᠠᠩ ᠤᠨ ᠪᠦᠲᠦᠭᠡᠭᠳᠡᠬᠦᠨ 42 ᠪᠦᠯᠦᠭ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ 163 ᠪᠦᠯᠦᠭ | ᠬᠠᠮᠤᠷᠴᠤ᠂ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠃ ᠢᠳᠡᠭᠡᠨ ᠤᠮᠳᠠᠭᠠᠨ ᠤ ᠭᠤᠭᠴᠤᠭ᠎ᠠ ᠳᠤ | ᠨᠡᠶᠢᠲᠡ 39 ᠪᠦᠯᠦᠭ ᠰᠤᠭᠤᠴᠢᠨ ᠪᠠᠶᠢᠴᠠᠭᠠᠯᠲᠠ ᠬᠢᠵᠦ᠂ ᠡᠭᠦᠨ ᠳᠤ ᠬᠢᠷᠢ ᠲᠡᠩᠴᠡᠬᠦ ᠦᠭᠡᠢ 3 ᠪᠦᠯᠦᠭ ᠪᠠᠶᠢᠵᠠᠢ᠃ | ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭ ᠲᠤ | ᠬᠤᠯᠪᠣᠭᠳᠠᠭᠰᠠᠨ ᠡᠵᠡᠩᠨᠡᠭᠴᠢ ᠶᠢ ᠭᠦᠨᠵᠡᠭᠡᠢ ᠪᠠᠶᠢᠴᠠᠭᠠᠭᠰᠠᠨ ᠪᠥᠭᠡᠳ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠲᠠᠷᠬᠠᠯᠲᠠ ᠶᠢ ᠪᠦᠲᠦᠮᠵᠢᠲᠡᠢ | ᠬᠤᠷᠢᠭᠯᠠᠵᠠᠢ᠃ | | ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠳᠦᠷ ᠲᠤᠲᠤᠮ ᠤᠨ | ᠬᠡᠷᠡᠭᠯᠡᠭᠡᠨ ᠤ ᠬᠡᠮᠵᠢᠶ᠎ᠡ ᠪᠠᠷ ᠶᠡᠭᠡ᠂ ᠠᠩᠬᠠᠷᠤᠯ ᠤᠨ ᠬᠡᠮᠵᠢᠶ᠎ᠡ ᠪᠠᠷ ᠥᠨᠳᠥᠷ ᠢᠳᠡᠭᠡᠨ ᠤ ᠲᠥᠷᠥᠯ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠤᠭᠤᠴᠢᠨ | ᠪᠠᠶᠢᠴᠠᠭᠠᠬᠤ ᠬᠡᠪᠴᠢᠶ᠎ᠡ ᠪᠠᠨ ᠥᠷᠭᠡᠳᠬᠡᠵᠦ᠂ ᠭᠤᠭᠴᠤᠭ᠎ᠠ ᠨᠢᠭᠡᠪᠦᠷᠢ ᠳᠤ ᠴᠥᠮ ᠪᠦᠲᠦᠮᠵᠢᠲᠡᠶ ᠬᠢᠨᠠᠯᠲᠠ ᠲᠠᠯᠪᠢᠵᠤ | ᠬᠠᠮᠢᠶᠠᠷᠬᠤ ᠶᠢ ᠪᠠᠲᠤᠯᠠᠨ᠎ᠠ᠃ ᠡᠭᠦᠨ ᠤ ᠬᠠᠮᠲᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠤᠯᠠᠮ | ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠰᠢᠢᠳᠬᠡᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠠᠷᠠᠳ ᠣᠯᠠᠨ ᠳᠤ ᠨᠠᠩ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |