ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ ᠵᠢᠯ ᠳᠤᠮᠳᠠᠴᠢ ᠪᠠᠷ 5000 ᠬᠥᠮᠥᠨ ᠤᠳᠠᠭ᠎ᠠ ᠶᠢ ᠠᠪᠤᠷᠠᠨ ᠲᠤᠰᠠᠯᠠᠵᠤ ᠪᠤᠢ
ᠨᠡᠶᠢᠲᠡᠯᠡᠭᠰᠡᠨ ᠴᠠᠭ᠄
2024/7/26
       ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ  ᠠᠷᠠᠳ ᠤᠨ ᠶᠠᠪᠤᠳᠠᠯ ᠤᠨ ᠶᠠᠮᠤᠨ ᠤ ᠵᠥᠪᠰᠢᠶᠡᠷᠡᠯ ᠢᠶᠠᠷ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠣᠷᠣᠨ ᠪᠦᠰᠡ ᠶᠢᠨ ᠴᠢᠨᠠᠷᠲᠠᠢ ᠲᠥᠪ ᠤᠨ ᠲᠤᠷᠰᠢᠯᠲᠠ ᠶᠢᠨ  ᠨᠢᠭᠡᠴᠢ ᠪᠠᠷ ᠰᠣᠩᠭᠤᠭᠳᠠᠵᠠᠢ᠃            ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ ︵ᠭᠦᠭᠡᠬᠤᠲᠠ ᠶᠢᠨ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠲᠥᠪ᠂ ᠭᠦᠭᠡᠬᠤᠲᠠ ᠶᠢᠨ  ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠢ ᠠᠪᠤᠷᠠᠨ ᠲᠤᠰᠠᠯᠠᠬᠤ ᠦᠷᠳᠡᠭᠡ︶ ᠪᠣᠯ ᠭᠦᠭᠡᠬᠤᠲᠠ ᠶᠢᠨ ᠴᠤᠷ ᠤᠨ ᠭᠠᠭᠴᠠ ᠲᠡᠨᠦᠭᠦᠯ ᠭᠤᠶᠢᠷᠠᠨᠴᠢᠳ ᠢ  ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠣᠯᠣᠨ᠎ᠠ᠂ ᠭᠤᠣᠯᠳᠠᠭᠤ ᠪᠦᠭᠦ ᠬᠤᠲᠠ ᠶᠢᠨ ᠬᠡᠪᠴᠢᠶᠡᠨ ᠤ ᠠᠮᠢᠳᠤᠷᠠᠯ ᠨᠢ ᠨᠠᠶᠢᠳᠠᠪᠤᠷᠢ ᠦᠭᠡᠢ ᠪᠣᠯᠤᠭᠰᠠᠨ  ᠲᠡᠨᠦᠭᠦᠯ ᠭᠤᠶᠢᠷᠠᠨᠴᠢ ᠵᠡᠷᠭᠡ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠪᠠ ᠨᠠᠰᠤᠨ ᠳᠤ ᠦᠯᠦ ᠭᠦᠷᠦᠭᠰᠡᠳ ᠢ ᠲᠦᠷ  ᠴᠠᠭ ᠠᠪᠤᠷᠠᠨ  ᠲᠤᠰᠠᠯᠠᠬᠤ᠂ ᠡᠮᠨᠡᠨ ᠠᠪᠤᠷᠠᠬᠤ᠂ ᠬᠠᠮᠢᠶᠠᠷᠬᠤ᠂ ᠰᠤᠷᠭᠠᠬᠤ᠂ ᠬᠠᠮᠠᠭᠠᠯᠠᠨ ᠬᠦᠷᠭᠡᠬᠦ ᠪᠠ ᠲᠥᠪᠬᠢᠨᠡᠭᠦᠯᠬᠦ ᠠᠵᠢᠯ ᠢ ᠡᠭᠦᠷᠭᠡᠯᠡᠵᠦ᠂ ᠭᠡᠷ ᠪᠦᠯᠢ ᠶᠢᠨ  ᠬᠦᠴᠦᠷᠬᠡᠭᠯᠡᠯ ᠳᠤ ᠤᠴᠠᠷᠠᠭᠰᠠᠨ ᠡᠮᠡᠭᠲᠡᠶᠢᠴᠦᠳ ᠲᠤ ᠲᠦᠷ ᠴᠠᠭ ᠤᠨ ᠵᠠᠶᠢᠯᠠᠭᠤᠯᠵᠤ ᠠᠪᠤᠷᠠᠬᠤ ᠦᠢᠯᠡᠴᠢᠯᠡᠭᠡ ᠬᠠᠩᠭᠠᠬᠤ ᠶᠢᠨ ᠬᠠᠮᠲᠤ᠂ ᠮᠤᠵᠢ ᠶᠢᠨ  ᠬᠤᠭᠤᠷᠣᠨᠳᠤ ᠰᠢᠯᠵᠢᠭᠦᠯᠦᠨ ᠲᠤᠰᠠᠯᠠᠵᠤ ᠬᠠᠮᠠᠭᠠᠯᠠᠨ ᠬᠦᠷᠭᠡᠬᠦ ᠠᠵᠢᠯ ᠢ ᠬᠠᠪᠰᠤᠷᠭᠠᠨ ᠬᠠᠷᠢᠭᠤᠴᠠᠵᠤ᠂ ᠵᠢᠯ ᠳᠤᠮᠳᠠᠴᠢ ᠪᠠᠷ 5000 ᠬᠥᠮᠥᠨ ᠤᠳᠠᠭ᠎ᠠ ᠶᠢ  ᠠᠪᠤᠷᠠᠨ ᠲᠤᠰᠠᠯᠠᠵᠤ ᠪᠤᠢ᠂ ᠡᠨᠡ ᠨᠢ ᠪᠦᠭᠦ ᠣᠷᠣᠨ ᠤ ᠠᠪᠤᠷᠠᠨ ᠲᠤᠰᠠᠯᠠᠬᠤ ᠶᠡᠷᠦᠩᠬᠡᠢ ᠬᠡᠮᠵᠢᠶ᠎ᠡ ᠶᠢᠨ ᠬᠠᠭᠠᠰ ᠢ ᠡᠵᠡᠯᠡᠵᠦ ᠪᠤᠢ᠃            ᠲᠤᠷᠰᠢᠯᠲᠠ ᠶᠢᠨ ᠨᠢᠭᠡᠴᠢ ᠪᠠᠷ ᠴᠣᠬᠤᠯᠠᠪᠤᠷᠢᠯᠠᠭᠰᠠᠨ ᠠᠴᠠ ᠨᠠᠭᠠᠰᠢ᠂ ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ ᠠᠪᠤᠷᠠᠨ ᠲᠤᠰᠠᠯᠠᠬᠤ  ᠦᠢᠯᠡᠴᠢᠯᠡᠭᠡᠨ ᠤ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠲᠠᠪᠴᠠᠩ ᠢ ᠪᠠᠶᠢᠭᠤᠯᠬᠤ᠂  ᠠᠪᠤᠷᠠᠨ ᠲᠤᠰᠠᠯᠠᠬᠤ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠰᠢᠯᠢᠳᠡᠭᠵᠢᠭᠦᠯᠬᠦ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠳᠦᠷᠢᠮ ᠤᠨ  ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠣᠨᠣᠯ ᠤᠨ ᠰᠤᠷᠤᠯᠴᠠᠯᠭ᠎ᠠ ᠪᠠᠨ  ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠤᠴᠠ ᠮᠡᠳᠡᠭᠡᠨ ᠤ ᠵᠢᠯᠤᠭᠤᠳᠬᠤ ᠲᠥᠪ ᠲᠠᠢ ᠬᠤᠯᠪᠤᠭᠠᠯᠠᠨ ᠬᠥᠳᠡᠯᠦᠯᠴᠡᠵᠦ᠂ ᠲᠤᠰᠠᠯᠠᠮᠵᠢ  ᠬᠦᠷᠲᠡᠭᠰᠡᠳ ᠤᠨ ᠪᠡᠶ᠎ᠡ ᠭᠡᠮ ᠢ ᠬᠠᠷᠭᠤᠭᠤᠯᠤᠨ ᠪᠠᠶᠢᠴᠠᠭᠠᠵᠤ᠂ ᠠᠪᠤᠷᠠᠨ ᠲᠤᠰᠠᠯᠠᠬᠤ ᠦᠢᠯᠡᠴᠢᠯᠡᠭᠡᠨ ᠤ ᠲᠣᠭᠲᠠᠴᠠ ᠶᠢ ᠤᠯᠠᠮ ᠲᠡᠭᠦᠯᠳᠡᠷᠵᠢᠭᠦᠯᠪᠡ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号