ᠰᠠᠶᠢᠬᠠᠨ ᠲᠣᠭᠤᠷᠢᠭ 2024 ᠣᠨ ᠤ ᠠᠵᠤ ᠠᠬᠤᠶᠢᠯᠠᠯ ᠤᠨ ᠪᠠᠷᠢᠮᠵᠢᠶ᠎ᠠ ᠲᠠᠢ ᠬᠠᠷᠢᠴᠠᠭᠤᠯᠵᠤ ᠪᠠᠷᠢᠮᠵᠢᠶ᠎ᠠ ᠳᠤ ᠬᠦᠷᠦᠭᠦᠯᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/7/29
     ︽ᠤᠯᠤᠰ ᠤᠨ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠶᠢᠬᠠᠨ ᠲᠣᠭᠤᠷᠢᠭ ᠪᠣᠳᠠᠲᠠᠢ ᠲᠠᠢ ᠪᠠᠨ ᠤᠶᠠᠯᠳᠤᠭᠤᠯᠤᠨ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠳᠤ ᠠᠵᠤ ᠠᠬᠤᠶᠢᠯᠠᠯ ᠤᠨ ᠪᠠᠷᠢᠮᠵᠢᠶ᠎ᠠ ᠶᠢ ᠢᠯᠡ ᠪᠣᠯᠭᠠᠬᠤ ᠪᠠ ᠠᠵᠤ ᠠᠬᠤᠶᠢᠯᠠᠯ ᠤᠨ ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠦᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃
           ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠬᠤ ᠠᠷᠭ᠎ᠠ︾ ᠶᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠰᠦᠪᠡᠨ ᠢᠯᠡᠷᠬᠡᠶᠢᠯᠡᠵᠦ ᠢᠯᠡ ᠪᠣᠯᠭᠠᠬᠤ ᠵᠢᠴᠢ ᠪᠠᠷᠢᠮᠵᠢᠶ᠎ᠠ ᠳᠤ ᠬᠦᠷᠦᠭᠦᠯᠬᠦ ᠠᠵᠢᠯ ᠤᠨ ᠴᠤᠪᠤᠷᠠᠯ ᠢ ᠦᠨᠳᠦᠰᠦᠯᠡᠨ᠂ ᠲᠤᠬᠠᠢ ᠶᠢᠨ ᠲᠠᠯᠠᠪᠤᠷ ᠲᠤᠨᠢ ᠵᠢᠯᠤᠭᠤᠳᠬᠤ ᠪᠠ ᠤᠲᠠᠰᠤ ᠪᠠᠷ ᠨᠡᠪᠲᠡᠷᠡᠯᠴᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠲᠡᠭᠦᠨ ᠤ ᠦᠢᠯᠡᠳᠬᠦᠨ ᠵᠢᠴᠢ ᠦᠢᠯᠡᠴᠢᠯᠡᠭᠡᠨ ᠤ ᠬᠡᠷᠡᠭᠵᠢᠭᠦᠯᠦᠭᠰᠡᠨ ᠪᠠᠷᠢᠮᠵᠢᠶ᠎ᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠵᠦ᠂ ᠢᠯᠡ ᠲᠣᠳᠣ ᠬᠡᠮᠵᠢᠶ᠎ᠡ ᠬᠢᠭᠡᠳ ᠲᠣᠭᠲᠠᠭᠠᠯ ᠳᠤ ᠨᠡᠶᠢᠴᠡᠬᠦ ᠴᠢᠨᠠᠷ ᠢ ᠦᠨᠡᠨᠬᠦ ᠪᠠᠲᠤᠯᠠᠪᠠ᠃ ᠠᠵᠤ ᠠᠬᠤᠶᠢᠯᠠᠯ ᠤᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠬᠤ ᠶᠢ ᠵᠣᠷᠢᠭᠵᠢᠭᠤᠯᠵᠤ᠂ ᠪᠠᠷᠢᠮᠵᠢᠶᠠᠲᠤ ᠳᠤᠮᠳᠠ ᠢᠯᠡᠷᠡᠭᠦᠯᠦᠭᠰᠡᠨ ᠵᠥᠷᠢᠶ᠎ᠡ ᠶᠢᠨ ᠲᠣᠭᠤᠷᠢᠨ ᠳᠤ᠂ ᠠᠵᠤ ᠠᠬᠤᠶᠢᠯᠠᠯ ᠤᠨ ᠦᠢᠯᠡᠳᠬᠦᠨ ᠢ ᠰᠢᠯᠢᠳᠡᠭᠵᠢᠭᠦᠯᠬᠦ ᠪᠠ ᠮᠡᠷᠭᠡᠵᠢᠯ ᠤᠨ ᠲᠡᠰ ᠳᠡᠪᠰᠢᠭᠦᠯᠬᠦ ᠴᠢᠭᠯᠡᠯ ᠢ ᠲᠣᠳᠣᠷᠬᠠᠶᠢᠯᠠᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠲᠡᠰ ᠳᠡᠪᠰᠢᠬᠦ ᠶᠢ ᠪᠡᠶᠡᠯᠡᠭᠦᠯᠵᠦ᠂ ᠲᠡᠷᠢᠭᠦᠨ ᠤ ᠦᠷ᠎ᠡ ᠪᠦᠲᠦᠭᠡᠯ ᠢ ᠲᠦᠷᠭᠡᠨ ᠬᠤᠪᠢᠷᠠᠭᠤᠯᠬᠤ ᠪᠠ ᠵᠠᠬ᠎ᠠ ᠳᠡᠯᠭᠡᠭᠦᠷ ᠤᠨ ᠬᠡᠷᠡᠭᠯᠡᠯᠲᠡ ᠶᠢ ᠠᠬᠢᠭᠤᠯᠤᠨ᠎ᠠ᠃ ᠳᠡᠯᠡᠬᠡᠢ ᠶᠢᠨ ᠲᠡᠷᠢᠭᠦᠨ ᠤ ᠪᠠᠷᠢᠮᠵᠢᠶ᠎ᠠ ᠳᠤ ᠬᠦᠷᠬᠦ ᠪᠠᠷ ᠴᠢᠷᠮᠠᠶᠢᠵᠤ᠂ ᠡᠭᠦᠨ ᠢᠶᠠᠷ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠳᠡᠭᠡᠭᠰᠢᠯᠡᠯᠲᠡ ᠪᠣᠯᠣᠨ ᠠᠵᠤ ᠦᠢᠯᠡᠰ ᠤᠨ ᠳᠠᠪᠰᠢᠯᠲᠠ ᠶᠢ ᠪᠡᠶᠡᠯᠡᠭᠦᠯᠦᠨ᠎ᠡ᠃
                   2024 ᠣᠨ ᠠᠴᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 6 ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠵᠢᠯᠤᠭᠤᠳᠴᠤ᠂ ᠤᠲᠠᠰᠤ ᠪᠠᠷ ᠳᠠᠮᠵᠢᠨ 20 ᠭᠠᠷᠤᠢ ᠠᠵᠤ ᠠᠬᠤᠶᠢᠯᠠᠯ ᠢ ᠵᠢᠭᠠᠨ ᠵᠢᠯᠣᠭᠤᠳᠪᠠ᠃ ᠣᠳᠣᠬᠠᠨ ᠪᠣᠯᠲᠠᠯ᠎ᠠ᠂ ᠬᠠᠷᠢᠶ᠎ᠠ ᠣᠷᠣᠨ ᠤ 23 ᠠᠵᠤ ᠠᠬᠤᠶᠢᠯᠠᠯ ᠨᠢᠭᠡᠨᠲᠡ ᠥᠪᠡᠷ ᠤᠨ ᠢᠯᠡᠷᠬᠡᠶᠢᠯᠡᠯᠲᠡ ᠪᠠᠨ ᠪᠡᠶᠡᠯᠡᠭᠦᠯᠵᠦ᠂ 63 ᠪᠠᠷᠢᠮᠵᠢᠶ᠎ᠠ ᠶᠢ ᠢᠯᠡ ᠪᠣᠯᠭᠠᠵᠤ᠂ 206 ᠦᠢᠯᠡᠳᠬᠦᠨ ᠳᠤ ᠬᠤᠯᠪᠣᠭᠳᠠᠵᠤ᠂ 63 ᠵᠦᠢᠯ ᠤᠨ ᠪᠠᠷᠢᠮᠵᠢᠶ᠎ᠠ ᠨᠢ  ᠠᠵᠤ ᠠᠬᠤᠶᠢᠯᠠᠯ ᠤᠨ ᠪᠠᠷᠢᠮᠵᠢᠶ᠎ᠠ ᠪᠣᠯᠣᠨ᠎ᠠ᠃ 2 ᠠᠵᠤ ᠠᠬᠤᠶᠢᠯᠠᠯ ᠨᠢᠭᠡᠨᠲᠡ ᠠᠵᠤ ᠠᠬᠤᠶᠢᠯᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠭᠡᠬᠦ ᠠᠵᠢᠯ ᠢ ᠪᠡᠶᠡᠯᠡᠭᠦᠯᠪᠡ᠃         ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠰᠦᠪᠡᠨ ᠢᠯᠡᠷᠬᠡᠶᠢᠯᠡᠨ ᠢᠯᠡ ᠪᠣᠯᠭᠠᠬᠤ ᠪᠠ ᠠᠵᠤ ᠠᠬᠤᠶᠢᠯᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠦᠢᠯᠡᠴᠢᠯᠡᠭᠡᠨ ᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠬᠠᠷᠢᠶᠠᠲᠤ ᠣᠷᠣᠨ ᠤ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠰᠡᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠮᠡᠳᠡᠭᠦᠯᠬᠦ ᠶᠢᠨ ᠬᠠᠮᠲᠤ ᠪᠥᠬᠦ ᠤᠯᠤᠰ ᠤᠨ ︽ᠶᠠᠰᠤ ᠴᠢᠨᠠᠷ ᠤᠨ ᠰᠠᠷ᠎ᠠ︾ ︽10.14 ᠳᠡᠯᠡᠬᠡᠢ ᠶᠢᠨ ᠪᠠᠷᠢᠮᠵᠢᠶ᠎ᠠ ᠶᠢᠨ ᠡᠳᠦᠷ︾ ᠵᠡᠷᠭᠡ ᠴᠢᠬᠤᠯᠠ ᠵᠠᠩᠭᠢᠯᠠᠭ᠎ᠠ ᠶᠢᠨ ᠴᠠᠭ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠳᠡᠮᠵᠢᠯᠭᠡ ᠬᠠᠩᠭᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号