ᠵᠢᠭᠤᠯᠴᠢᠯᠠᠬᠰᠡᠳ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠦᠵᠡᠮᠵᠢ ᠶᠢᠨ ᠣᠷᠣᠨ ᠢᠶᠠᠷ ᠲᠣᠭᠤᠷᠢᠵᠤ ᠪᠠᠶᠢᠭ᠎ᠠ ᠨᠢ
ᠨᠡᠶᠢᠲᠡᠯᠡᠭᠰᠡᠨ ᠴᠠᠭ᠄
2024/7/29
     ᠡᠨᠡ ᠵᠣᠨ ᠮᠠᠰᠢ ᠣᠯᠠᠨ ᠬᠥᠮᠥᠰ ᠭᠦᠭᠡᠬᠤᠲᠠ ᠶᠢᠨ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠦᠵᠡᠮᠵᠢ ᠶᠢᠨ ᠣᠷᠣᠨ ᠢᠶᠠᠷ ᠲᠣᠭᠤᠷᠢᠵᠤ᠂  ᠦᠢᠯᠡᠳᠪᠦᠷᠢ ᠶᠢᠨ ᠲᠠᠰᠤᠭ ᠲᠤ ᠬᠦᠷᠴᠦ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ ᠪᠤᠢ᠃ ᠣᠶᠢᠷ᠎ᠠ ᠶᠢᠨ ᠵᠢᠯ ᠤᠨ ᠲᠤᠷᠰᠢ᠂  ᠭᠦᠭᠡᠬᠤᠲᠠ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠦᠵᠡᠮᠵᠢ ᠶᠢᠨ ᠣᠷᠣᠨ ᠵᠡᠷᠭᠡ ᠠᠵᠤ ᠦᠢᠯᠡᠳᠪᠦᠷᠢ ᠶᠢᠨ ᠦᠵᠡᠮᠵᠢ ᠶᠢᠨ ᠣᠷᠣᠨ ᠢᠶᠠᠷ ᠭᠠᠷᠳᠠᠴᠠ  ᠪᠤᠯᠭᠠᠵᠤ᠂ ︽ᠵᠢᠭᠤᠯᠴᠢᠯᠠᠯ + ᠠᠵᠤ ᠦᠢᠯᠡᠳᠪᠦᠷᠢ︾᠂  ︽ᠵᠢᠭᠤᠯᠴᠢᠯᠠᠯ + ᠰᠤᠳᠤᠯᠤᠨ ᠰᠤᠷᠤᠯᠴᠠᠯᠭ᠎ᠠ︾ ᠵᠡᠷᠭᠡ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠪᠠᠶᠢᠳᠠᠯ ᠢ ᠥᠷᠭᠡᠳᠬᠡᠨ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠳᠠᠯᠳᠠ ᠬᠦᠴᠦᠨ ᠢ  ᠲᠠᠰᠤᠷᠠᠯᠲᠠ ᠦᠭᠡᠢ ᠠᠭᠤᠳᠠᠯᠵᠤ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ  ᠪᠠᠶᠢᠨ᠎ᠠ᠃ ᠵᠢᠷᠤᠭ ᠪᠣᠯ 7 ᠰᠠᠷ᠎ᠠ ᠶᠢᠨ 25 ᠤ ᠡᠳᠦᠷ᠂ ᠵᠢᠭᠤᠯᠴᠢᠯᠠᠬᠰᠡᠳ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠦᠵᠡᠮᠵᠢ ᠶᠢᠨ ᠣᠷᠣᠨ ᠢᠶᠠᠷ  ᠲᠣᠭᠤᠷᠢᠵᠤ ᠪᠠᠶᠢᠭ᠎ᠠ ᠨᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号