ᠰᠠᠶᠢᠬᠠᠨ ᠲᠣᠭᠤᠷᠢᠭ᠄ ︽ᠬᠤᠶᠠᠷ ᠲᠣᠭᠤᠷᠢᠭ ᠬᠤᠶᠠᠷ ᠬᠦᠷᠢᠶᠡᠯᠡᠩ︾ ᠢ ᠪᠠᠶᠢᠷᠢᠰᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/3
     ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠠᠵᠤ ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠬᠦ  ᠂ ᠶᠡᠷᠦᠩᠬᠡᠢ ᠱᠦᠵᠢ ᠱᠢ ᠶᠢᠨ ᠫᠢᠩ  ᠤᠨ ᠴᠢᠩ ᠰᠡᠳᠬᠢᠯ ᠤᠨ ᠨᠠᠶᠢᠳᠠᠯᠭ᠎ᠠ ᠰᠠᠶᠢᠬᠠᠨ ᠲᠣᠭᠤᠷᠢᠭ ᠲᠤ ᠶᠡᠭᠡ ᠵᠣᠷᠢᠭᠵᠢᠭᠤᠯᠤᠯ ᠪᠣᠯᠵᠠᠢ᠃ ᠨᠢᠭᠡ ᠵᠢᠯ  ᠤᠨ ᠲᠣᠷᠰᠢ᠂ ᠰᠠᠶᠢᠬᠠᠨ ᠲᠣᠭᠤᠷᠢᠭ ᠤᠨ ᠦᠨᠳᠦᠰᠦᠲᠡᠨ ᠨᠦᠭᠦᠳ ᠤᠨ ᠺᠠᠲᠷ ᠣᠯᠠᠨ ᠲᠦᠮᠡᠨ︽ᠲᠡᠮᠡᠴᠡᠬᠦ︾ ᠵᠣᠷᠢᠭ ᠰᠠᠨᠠᠭ᠎ᠠ᠂ ︽ᠳᠠᠭᠠᠷᠢᠨ ᠣᠷᠣᠬᠤ︾ ᠡᠷᠴᠢ ᠵᠣᠷᠢᠭ ᠪᠠ︽ᠪᠣᠳᠠᠲᠠᠢ︾ ᠪᠠᠶᠢᠬᠤ ᠣᠪᠣᠷ ᠰᠤᠷᠲᠠᠯ ᠢᠶᠠᠨ ᠭᠠᠷᠭᠠᠵᠤ᠂︽ᠬᠤᠶᠠᠷ ᠲᠣᠭᠤᠷᠢᠭ ᠬᠤᠶᠠᠷ ᠬᠦᠷᠢᠶᠡᠯᠡᠩ︾  ᠢ ᠪᠠᠶᠢᠷᠢᠯᠠᠭᠤᠯᠤᠨ᠂ ᠠᠵᠤ ᠦᠢᠯᠡᠰ  ᠤᠨ ᠪᠦᠲᠦᠴᠡ ᠶᠢ  ᠰᠢᠯᠢᠭᠳᠡᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠨᠠᠨᠳᠢᠨ ᠨᠠᠶᠢᠳᠠᠯᠭ᠎ᠠ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠬᠤ ᠪᠠᠷ ᠴᠢᠷᠮᠠᠶᠢᠵᠤ ᠪᠠᠶᠢᠨ᠎ᠠ᠃
       ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠭᠤᠣᠯ ᠳᠠᠶᠢᠨ ᠤ ᠲᠠᠯᠠᠪᠤᠷ ᠮᠥᠨ᠂ ᠶᠢᠨ ᠴᠢᠶᠣᠣ ᠶᠢᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠬᠦᠷᠢᠶᠡᠯᠡᠩ᠂ ᠳᠣᠬᠢᠭᠤᠷ ᠲᠤᠯᠤᠭᠠᠨ ᠣᠲᠣ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠪᠣᠯ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠬᠤ ᠢᠷᠡᠭᠡᠳᠦᠢ ᠶᠢᠨ ᠬᠦᠴᠦᠯᠡᠬᠦ ᠴᠡᠭ ᠪᠠᠶᠢᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠭᠤᠣᠯ ᠬᠥᠳᠡᠯᠭᠡᠭᠦᠷ ᠪᠣᠯᠣᠨ᠎ᠠ᠃ ︽ᠬᠤᠶᠠᠷ ᠲᠣᠭᠤᠷᠢᠭ ᠬᠤᠶᠠᠷ ᠬᠦᠷᠢᠶᠡᠯᠡᠩ︾ ᠤᠨ ᠪᠦᠲᠦᠴᠡ ᠨᠢ ᠰᠠᠶᠢᠬᠠᠨ ᠲᠣᠭᠤᠷᠢᠭ ᠤᠨ ︽ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠬᠤᠣᠰ ᠴᠢᠭᠯᠡᠯ ᠢᠶᠠᠷ ᠠᠭᠤᠰᠤᠯᠴᠠᠵᠤ᠂ ᠠᠳᠠᠯᠢ ᠴᠢᠭᠯᠡᠯ ᠢᠶᠠᠷ ᠬᠦᠴᠦᠯᠡᠬᠦ ᠰᠢᠨ᠎ᠡ ᠪᠠᠶᠢᠷᠢᠰᠢᠯ ᠢ ᠲᠤᠯᠭᠠᠭᠤᠷᠢᠯᠠᠪᠠ᠃
        ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠡᠮᠡᠴᠡᠭᠴᠢ ᠪᠣᠯᠬᠤ ᠪᠠᠷ ᠴᠢᠷᠮᠠᠶᠢᠨ᠎ᠠ         ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠤᠭᠰᠠᠨ ᠤ ᠬᠤᠪᠢ ᠳᠤ᠂ ᠨᠢᠭᠡ ᠵᠢᠯ ᠤᠨ ᠲᠤᠷᠰᠢ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠬᠡᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠰᠦᠷᠦᠭᠵᠢᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ︽ᠰᠢᠨ᠎ᠡ ᠮᠠᠲ᠋ᠧᠷᠢᠶᠠᠯ ᠲᠣᠨᠣᠭᠯᠠᠯ ᠦᠢᠯᠡᠳᠬᠦ ᠪᠠ ᠣᠲᠣ ᠦᠶ᠎ᠡ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ︾ ᠭᠡᠬᠦ ᠬᠤᠶᠠᠷ ᠶᠡᠭᠡ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠲᠠᠰᠤᠷᠠᠯᠲᠠ ᠦᠭᠡᠢ ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠪᠡ᠃ ︽2023 ᠣᠨ ᠤ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 892.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠤ ᠦᠢᠯᠡᠳᠪᠦᠷᠢ ᠶᠢᠨ ᠲᠣᠭᠲᠠᠮᠠᠯ ᠪᠡᠯᠡ ᠣᠷᠣᠭᠤᠯᠤᠯᠲᠠ ᠶᠢ 114.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 83 ᠨᠡᠭᠡᠭᠡᠯᠲᠡ ᠶᠢᠨ ᠲᠣᠭᠤᠷᠢᠭ ᠤᠨ ᠳᠣᠲᠣᠷ᠎ᠠ ᠲᠠᠪᠤᠳᠤᠭᠠᠷ ᠲᠤ ᠵᠢᠭᠰᠠᠭᠠᠭᠳᠠᠵᠤ᠂ ᠪᠦᠬᠦ ᠤᠯᠤᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 178 ᠣᠷᠣᠨ ᠤ ᠳᠣᠲᠣᠷ᠎ᠠ 117 ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ 2024 ᠣᠨ ᠳᠤ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠦᠷᠭᠦᠯᠵᠢᠯᠡᠨ ᠲᠣᠯᠣᠭᠠᠶᠢᠯᠠᠭᠴᠢ ᠠᠵᠤ ᠠᠬᠤᠶᠢᠯᠠᠯ ᠤᠨ ᠨᠠᠷᠢᠯᠢᠭ ᠣᠨᠣᠴᠠᠲᠠᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢᠨ ᠲᠣᠭᠤᠷᠢᠨ ᠳᠤ᠂ ︿ᠨᠢᠭᠡ ᠲᠣᠭᠤᠷᠢᠭ ᠤᠨ ᠵᠢᠷᠭᠤᠭᠠᠨ ᠬᠦᠷᠢᠶᠡᠯᠡᠩ﹀ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠴᠠᠬᠢᠭᠤᠷ ᠤᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠢᠷᠡᠭᠡᠳᠦᠢ ᠶᠢᠨ ᠠᠵᠤ ᠦᠢᠯᠡᠰ ᠵᠡᠷᠭᠡ ᠭᠤᠷᠪᠠᠨ ᠭᠤᠣᠯᠳᠠᠯᠭ᠎ᠠ ᠶᠢᠨ ᠲᠣᠭᠤᠷᠢᠨ ᠳᠤ᠂ ᠴᠠᠬᠢᠭᠤᠷ ᠤᠨ ᠮᠠᠲ᠋ᠧᠷᠢᠶᠠᠯ ᠤᠨ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠪᠠ ᠤᠯᠤᠰ ᠤᠨ ᠲᠠᠰ ᠤᠨ ᠰᠢᠨ᠎ᠡ ᠬᠡᠯᠪᠡᠷᠢ ᠶᠢᠨ ᠠᠵᠤ ᠦᠶ᠋ᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ 26 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ᠂ 8 ᠰᠢᠨ᠎ᠡ ᠮᠠᠲ᠋ᠧᠷᠢᠶᠠᠯ ᠪᠠ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠷᠥᠯ ᠵᠦᠢᠯ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ 469 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠣᠳᠣ ᠦᠶ᠎ᠡ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠵᠦᠢᠯ 7 ᠶᠢ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 44.1 ᠳ᠋ᠦᠩᠰᠢᠭᠤᠷ ᠲᠥᠭᠦᠷᠢᠭ ᠲᠤ ᠬᠦᠷᠴᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 11 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 43.8 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠷᠡᠰ ᠤᠨ ᠵᠢᠭᠰᠠᠭᠠᠯᠲᠠ ᠳᠤ 5 ᠣᠷᠣᠬᠤ ᠪᠠᠷ ᠴᠢᠷᠮᠠᠶᠢᠨ᠎ᠠ᠃ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠶᠦᠩ ᠬᠤᠩ ᠰᠤᠷᠪᠤᠯᠵᠢᠯᠠᠭᠴᠢ ᠳᠤ ᠬᠡᠯᠡᠪᠡ᠃       ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠨᠡᠮᠡᠭᠳᠡᠯ᠂ ᠤᠯᠤᠰ ᠤᠨ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠠᠴᠢᠶᠠᠯᠠᠬᠤ ᠭᠤᠣᠯ ᠵᠢᠭᠰᠠᠭᠠᠯ ᠤᠨ ᠭᠠᠵᠠᠷ᠂ ᠮᠦᠨᠴᠦ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠢᠨ᠎ᠡ ᠥᠨᠳᠦᠷᠯᠢᠭ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠰᠢᠨ᠎ᠡ ᠬᠥᠳᠡᠯᠭᠡᠭᠦᠷ ᠮᠥᠨ᠃ ᠨᠢᠭᠡ ᠵᠢᠯ ᠤᠨ ᠲᠤᠷᠰᠢ᠂ ᠰᠠᠶᠢᠬᠠᠨ ᠲᠣᠭᠤᠷᠢᠭ ᠥᠨᠳᠥᠷ ᠭᠠᠷᠤᠭ᠎ᠠ ᠠᠴᠠ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠳᠠᠪᠠᠭᠤᠯᠢᠭ ᠲᠤ ᠲᠦᠰᠢᠭᠯᠡᠨ᠂ ︽ᠨᠢᠭᠡ ᠲᠣᠭᠤᠷᠢᠭ ᠲᠠᠪᠤᠨ ᠬᠦᠷᠢᠶᠡᠯᠡᠩ︾ ᠤᠨ ᠪᠠᠶᠢᠷᠢᠰᠢᠭᠤᠯᠤᠯᠲᠠ ᠶᠣᠰᠣᠭᠠᠷ᠂ ᠤᠯᠤᠰ ᠤᠨ ᠰᠠᠨᠰᠠᠷ ᠤᠨ ᠠᠶᠠᠯᠠᠯ ᠤᠨ ᠬᠥᠳᠡᠯᠭᠡᠬᠦ ᠬᠦᠴᠦᠨ ᠤ ᠰᠡᠷᠭᠡᠶᠢᠯᠡᠯᠲᠡ ᠶᠢᠨ ᠠᠵᠢᠯ ᠤᠨ ᠲᠣᠨᠣᠭᠯᠠᠯ ᠤᠨ ᠳᠡᠭᠡᠳᠦ ᠲᠡᠰ ᠤᠨ ᠣᠶᠤᠨᠴᠢ ᠦᠢᠯᠡᠳᠬᠦ ᠦᠢᠯᠡᠰ ᠤᠨ ᠲᠥᠪᠯᠡᠷᠡᠭᠰᠡᠨ ᠣᠷᠤᠨ ᠢ ᠪᠦᠲᠦᠭᠡᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠲᠦᠷᠦᠯ ᠵᠦᠢᠯ ᠪᠣᠯᠣᠨ ᠰᠠᠨᠰᠠᠷ ᠤᠨ ᠠᠵᠤ ᠦᠢᠯᠡᠰ ᠤᠨ ᠲᠦᠷᠦᠯ ᠵᠦᠢᠯ ᠢ ᠳᠠᠭᠠᠭᠠᠨ ᠪᠠᠶᠢᠷᠢᠰᠢᠭᠤᠯᠪᠠ᠃ ᠣᠳᠣᠬᠠᠨ ᠪᠣᠯᠲᠠᠯ᠎ᠠ᠂ ᠰᠠᠨᠰᠠᠷ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢᠭᠡᠨᠲᠡ 70 ᠠᠵᠤ ᠦᠢᠯᠡᠰ ᠤᠨ ᠲᠥᠷᠥᠯ ᠵᠦᠢᠯ ᠲᠠᠢ ᠵᠣᠯᠭᠠᠭᠤᠯᠵᠤ᠂ 26 ᠭᠡᠷ᠎ᠡ ᠲᠣᠭᠲᠠᠪᠠ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤᠯᠤᠰ ᠤᠨ ᠲᠦᠷᠦ ᠶᠢᠨ ᠪᠣᠳᠣᠯᠭ᠎ᠠ ᠶᠢᠨ ᠠᠰᠢᠭᠲᠠᠢ ᠶᠢ ᠭᠦᠢᠴᠡᠳ ᠠᠰᠢᠭᠯᠠᠵᠤ᠂ ︽ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ᠂ ᠴᠢᠩᠭ᠎ᠠ ᠨᠢᠮᠪᠠᠢ ᠪᠣᠳᠠᠲᠠᠢ ᠶᠢ ᠡᠷᠬᠢᠮᠯᠡᠬᠦ︾ ᠠᠵᠢᠯ ᠤᠨ ᠰᠤᠷᠲᠠᠯ ᠢ ᠪᠠᠷᠢᠮᠲᠠᠯᠠᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠪᠠᠶᠢᠳᠠᠯ ᠢ ᠡᠭᠦᠳᠦᠨ᠎ᠡ᠃ ᠵᠢᠱᠢᠯᠲᠡ ᠪᠠᠷ 2025 ᠣᠨ ᠳᠤ ᠦᠢᠯᠡᠳᠬᠦᠨ ᠤ ᠥᠷᠲᠡᠭ ᠢ 240 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ 2027 ᠣᠨ ᠤ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ 2035 ᠣᠨ ᠤ ᠠᠯᠤᠰ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃            ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ      ᠨᠢᠭᠡ ᠵᠢᠯ ᠤᠨ ᠲᠤᠷᠰᠢ᠂ ᠵᠢᠨᠴᠢᠶᠣᠣ ᠶᠢᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠬᠦᠷᠢᠶᠡᠯᠡᠩ ︽ᠶᠡᠭᠡ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠶᠢ ᠲᠦᠷᠭᠡᠳᠬᠡᠵᠦ᠂ ᠬᠤᠷᠢᠨᠭᠡᠷ ᠰᠢᠨ᠎ᠡ ᠲᠣᠭᠤᠷᠢᠭ ᠤᠨ ᠪᠤᠳᠤᠬᠤ ᠬᠦᠴᠦᠨ ᠤ ᠡᠬᠢ ᠪᠠᠶᠠᠯᠢᠭ ᠤᠨ ᠲᠣᠭᠤᠷᠢᠨ ᠳᠤ᠂ ᠨᠢᠭᠡ ᠪᠦᠯᠦᠭ ᠲᠤᠭ᠎ᠠ ᠪᠠᠷᠢᠮᠲᠠ ᠶᠢ ᠤᠬᠢᠶᠠᠵᠤ ᠴᠡᠪᠡᠷᠯᠡᠬᠦ᠂ ᠰᠢᠨᠡᠳᠬᠡᠬᠦ᠂ ᠲᠣᠳᠣᠷᠬᠠᠶᠢᠯᠠᠯᠲᠠ ᠬᠢᠬᠦ᠂ ᠴᠤᠭᠯᠠᠭᠤᠯᠬᠤ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠤ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠡᠨ ᠠᠪᠴᠢᠷᠠᠵᠤ᠂ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠪᠠ᠃ 2023 ᠣᠨ ᠤ ᠡᠴᠦᠰ ᠪᠣᠯᠲᠠᠯ᠎ᠠ᠂ ᠵᠢᠱᠢᠶ᠎ᠡ ᠦᠵᠡᠭᠦᠯᠬᠦ ᠣᠷᠣᠨ ᠨᠡᠶᠢᠲᠡ 681 ᠠᠵᠤ ᠠᠬᠤᠶᠢᠯᠠᠯ ᠢ ᠨᠡᠪᠴᠢᠭᠦᠯᠵᠦ᠂ ᠨᠡᠶᠢᠲᠡ ᠠᠷᠠᠯᠵᠢᠶᠠᠨ ᠤ ᠶᠡᠷᠦᠩᠬᠡᠢ ᠬᠡᠮᠵᠢᠶ᠎ᠡ 342 ᠳ᠋ᠦᠩᠰᠢᠭᠤᠷ ᠲᠥᠭᠦᠷᠢᠭ ᠢ ᠳᠠᠪᠠᠵᠤ᠂ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 50 ᠳ᠋ᠦᠩᠰᠢᠭᠤᠷ ᠲᠥᠭᠦᠷᠢᠭ ᠢ ᠳᠠᠪᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠶᠢᠲᠡ 29 ᠭᠠᠷᠭᠠᠪᠠ᠃ ᠣᠲᠣ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 15᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 25᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 111 ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠶᠡᠷᠦᠩᠬᠡᠢ ᠣᠷᠣᠵᠤ ᠰᠠᠭᠤᠭᠰᠠᠨ ᠠᠵᠤ ᠠᠬᠤᠶᠢᠯᠠᠯ ᠤᠨ 48.47% ᠶᠢ ᠡᠵᠡᠯᠡᠵᠦ᠂ ᠪᠦᠬᠦᠯᠢ ᠴᠣᠭᠴᠠ ᠶᠢᠨ ᠣᠷᠣᠵᠤ ᠰᠠᠭᠤᠭᠰᠠᠨ ᠨᠣᠷᠮ᠎ᠠ 96.67% ᠳᠤ ᠬᠦᠷᠴᠡᠢ᠃ ᠡᠭᠦᠨ ᠤ ᠬᠠᠮᠲᠤ᠂ ᠵᠢᠱᠢᠶ᠎ᠡ ᠦᠵᠡᠭᠦᠯᠬᠦ ᠣᠷᠣᠨ ᠳᠤ ᠣᠶᠤᠨᠴᠢ ᠬᠠᠮᠢᠶᠠᠷᠤᠯᠲᠠ ᠶᠢᠨ ᠲᠠᠪᠴᠠᠩ ᠵᠢᠴᠢ ᠤᠷ᠎ᠠ ᠮᠡᠷᠭᠡᠰᠢᠯᠳᠦ ᠴᠢᠳᠠᠪᠤᠷᠢᠲᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠥᠷᠳᠡᠵᠦ ᠪᠣᠯᠬᠤ᠂ ᠬᠢᠨᠠᠨ ᠡᠵᠡᠮᠳᠡᠵᠦ ᠪᠣᠯᠬᠤ᠂ ᠦᠵᠡᠭᠳᠡᠬᠦᠶᠢᠴᠡ ᠣᠶᠤᠨᠴᠢ ᠬᠠᠮᠢᠶᠠᠷᠤᠯᠲᠠ ᠶᠢᠨ ᠵᠠᠭᠪᠤᠷ ᠢᠶᠠᠷ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠨᠡᠪᠴᠢᠭᠦᠯᠬᠦ᠂ ᠮᠥᠩᠭᠦᠨ ᠭᠦᠢᠯᠭᠡᠭᠡ ᠵᠢᠴᠢ ᠲᠤᠭ᠎ᠠ ᠪᠠᠷᠢᠮᠲᠠ ᠶᠢᠨ ᠵᠠᠭᠤᠴᠢᠯᠠᠭᠤᠷ ᠵᠡᠷᠭᠡ ᠠᠯᠢ ᠣᠯᠠᠨ ᠲᠤᠯᠭᠠᠭᠤᠷᠢᠯᠠᠬᠤ ᠦᠢᠯᠡᠴᠢᠯᠡᠭᠡ ᠶᠢ ᠲᠣᠬᠢᠷᠠᠭᠤᠯᠵᠤ᠂ ᠠᠵᠤ ᠠᠬᠤᠶᠢᠯᠠᠯ ᠢ ᠬᠠᠮᠤᠷᠤᠭᠰᠠᠨ ᠠᠩᠬᠠᠨ ᠤ ᠡᠭᠦᠳᠦᠯᠲᠡ ᠠᠴᠠ ᠪᠠᠨ ᠦᠰᠦᠨ ᠪᠣᠶᠢᠵᠢᠵᠤ ᠳᠠᠬᠢᠨ ᠪᠣᠯᠲᠠᠯ᠎ᠠ ᠲᠦᠷᠭᠡᠳᠬᠡᠭᠰᠡᠨ ︽ᠪᠥᠬᠦ ᠦᠶᠡᠯᠡᠯ ᠤᠨ ᠦᠢᠯᠡᠴᠢᠯᠡᠭᠡᠨ ᠤ ᠰᠢᠰᠲ᠋ᠧᠮ︾ ᠢ ᠠᠮᠵᠢᠯᠲᠠ ᠲᠠᠢ ᠪᠠᠶᠢᠭᠤᠯᠤᠨ᠎ᠠ᠃ ︽ᠠᠭᠢᠷ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠢ ᠲᠣᠭᠲᠠᠭᠠᠨ ᠨᠡᠭᠡᠭᠡᠨ ᠬᠥᠭᠵᠢᠭᠦᠯᠵᠦ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠴᠢᠳᠠᠪᠤᠷᠢᠲᠠᠨ ᠤ ᠲᠤᠶᠢᠯ ᠤᠨ ᠣᠨᠤᠪᠴᠢᠲᠠᠢ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠴᠢᠳᠠᠪᠤᠷᠢᠲᠠᠨ ᠢ ᠬᠥᠮᠥᠵᠢᠭᠦᠯᠬᠦ ᠲᠣᠭᠠᠴᠢᠯᠠᠯᠲᠠ᠂ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︽2024 ᠣᠨ ᠳᠤ᠂ ᠵᠢᠱᠢᠶ᠎ᠡ ᠦᠵᠡᠭᠦᠯᠬᠦ ᠬᠦᠷᠢᠶᠡᠯᠡᠩ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ᠂ ᠲᠠᠪᠴᠠᠩ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠥᠬᠦ ᠬᠤᠲᠠ ᠶᠢᠨ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠬᠢᠭᠡᠳ ᠰᠠᠶᠢᠬᠠᠨ ᠲᠣᠭᠤᠷᠢᠭ ᠤᠨ ︿ᠬᠤᠶᠠᠷ ᠲᠣᠭᠤᠷᠢᠭ ᠬᠤᠶᠠᠷ ᠬᠦᠷᠢᠶᠡᠯᠡᠩ﹀ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠪᠥᠷ ᠮᠣᠩᠭᠤᠯ ᠤᠨ ᠠᠩᠬᠠᠳᠠᠭᠴᠢ ︿ᠣᠶᠤᠨᠴᠢ ᠲᠣᠭᠠᠨ ᠤ ᠬᠤᠪᠢᠷᠠᠯᠲᠠ﹀ ᠶᠢᠨ ᠰᠢᠨ᠎ᠡ ᠶᠢ ᠡᠭᠦᠳᠬᠦ ᠶᠢ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠤᠨ᠎ᠠ᠃ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠤᠯᠤᠰ ᠤᠨ ︿ᠣᠯᠠᠨ ᠢᠶᠠᠷ ᠢᠶᠠᠨ ᠡᠭᠦᠳᠬᠦ ᠣᠷᠣᠨ ᠵᠠᠢ﹀  ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢᠨ ᠬᠠᠮᠲᠤ᠂ ︿ᠲᠤᠰᠬᠠᠢ᠂ ᠨᠠᠷᠢᠯᠢᠭ᠂ ᠣᠨᠴᠠᠯᠢᠭ᠂ ᠰᠢᠨ᠎ᠡ﹀ ᠳᠡᠭᠡᠳᠦ ᠲᠠᠰ ᠤᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠲᠥᠪᠯᠡᠷᠡᠭᠰᠡᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠲᠥᠪᠯᠡᠷᠡᠭᠰᠡᠨ ᠲᠣᠭᠤᠷᠢᠭ ᠢ ᠪᠣᠶ ᠪᠣᠯᠭᠠᠵᠤ᠂ ᠰᠠᠶᠢᠬᠠᠨ ᠲᠣᠭᠤᠷᠢᠭ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠲᠠᠯ᠎ᠠ ᠪᠠᠷ ᠰᠢᠨ᠎ᠡ ᠳᠠᠪᠠᠭᠤᠯᠢᠭ ᠢ ᠪᠣᠶ ᠪᠣᠯᠭᠠᠵᠤ᠂ ᠰᠢᠨ᠎ᠡ ᠬᠥᠳᠡᠯᠭᠡᠭᠦᠷ ᠢ ᠡᠭᠦᠳᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠶᠢᠨ ᠴᠢᠶᠣᠤ ᠶᠢᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠬᠦᠷᠢᠶᠡᠯᠡᠩ ᠤᠨ ᠨᠠᠮ ᠤᠨ ᠬᠤᠷᠢᠶᠠᠨ ᠤ ᠱᠤᠤᠵᠢ  ᠣᠶᠣᠨ ᠰᠤᠷᠪᠤᠯᠵᠢᠯᠠᠭᠴᠢ ᠳᠤ ᠬᠡᠯᠡᠪᠡ᠃       ᠪᠧᠢ ᠳ᠋ᠧᠦ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠪᠣᠯ ᠰᠠᠶᠢᠬᠠᠨ ᠲᠣᠭᠤᠷᠢᠭ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠰᠢᠨ᠎ᠡ ᠥᠨᠳᠦᠷᠯᠢᠭ ᠪᠣᠯᠣᠨ᠎ᠠ᠃ ᠣᠶᠢᠯᠠᠭᠠᠭᠰᠠᠨ ᠢᠶᠠᠷ᠂ ᠳᠣᠬᠢᠭᠤᠷ ᠳᠣᠯᠣᠭᠠᠨ ᠣᠳᠤᠨ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠪᠠᠷᠢᠯᠭ᠎ᠠ ᠶᠢᠨ ᠲᠠᠯᠠᠪᠠᠢ 21254 ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 9924 ᠲᠦᠮᠡᠨ ᠲᠥᠭᠦᠷᠢᠭ ᠪᠠᠶᠢᠵᠤ᠂ ᠬᠤᠳᠠᠯᠳᠤᠭᠠᠨ ᠤ ᠰᠠᠨᠰᠠᠷ ᠤᠨ ᠠᠵᠤ ᠠᠬᠤᠢ ᠪᠠ ᠶᠡᠷᠦᠩᠬᠡᠢ ᠬᠡᠯᠲᠡᠰ ᠤᠨ ᠠᠵᠤ ᠠᠬᠤᠢ ᠶᠢ ᠭᠤᠣᠯᠳᠠᠯᠭ᠎ᠠ ᠲᠠᠢ ᠪᠠᠶᠢᠷᠢᠰᠢᠭᠤᠯᠵᠤ᠂ ᠳᠣᠬᠢᠭᠤᠷ ᠳᠣᠯᠣᠭᠠᠨ ᠣᠳᠤᠨ ᠳᠠᠭᠠᠭᠤᠯᠢ ᠣᠳᠣᠨ ᠤ ᠵᠠᠮᠴᠢᠯᠠᠬᠤ ᠰᠢᠰᠲ᠋ᠧᠮ ᠤᠨ ᠮᠡᠷᠭᠡᠵᠢᠯ᠂ ᠦᠢᠯᠡᠳᠬᠦᠨ᠂ ᠲᠤᠯᠭᠠᠭᠤᠷᠢᠯᠠᠯ᠂ ᠦᠢᠯᠡᠴᠢᠯᠡᠭᠡ ᠵᠢᠴᠢ ᠬᠡᠷᠡᠭᠯᠡᠭᠡᠨ ᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠳᠣᠬᠢᠭᠤᠷ ᠲᠤᠯᠤᠭᠠᠨ ᠣᠲᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠥᠪᠥᠷ ᠮᠣᠩᠭᠤᠯ ᠤᠨ ᠳᠣᠬᠢᠭᠤᠷ ᠲᠤᠯᠤᠭᠠᠨ ᠣᠲᠣ ᠥᠨᠳᠥᠷ ᠬᠤᠪᠢᠶᠠᠷᠢ ᠰᠤᠳᠤᠯᠭᠠᠨ ᠤ ᠬᠦᠷᠢᠶᠡᠯᠡᠩ᠂ ᠳᠣᠬᠢᠭᠤᠷ ᠲᠤᠯᠤᠭᠠᠨ ᠣᠲᠣ ᠠᠶᠠᠯᠠᠯ ᠵᠢᠯᠤᠭᠤᠳᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠳᠣᠬᠢᠭᠤᠷ ᠲᠤᠯᠤᠭᠠᠨ ᠣᠲᠣ ᠢᠨᠵᠧᠨᠧᠷᠢᠩ ᠤᠨ ᠰᠤᠳᠤᠯᠤᠨ ᠨᠡᠭᠡᠭᠡᠬᠦ ᠲᠥᠪ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠳᠣᠬᠢᠭᠤᠷ ᠲᠤᠯᠤᠭᠠᠨ ᠣᠲᠣ ᠣᠨᠴᠠᠯᠢᠭᠲᠤ ᠰᠢᠨ᠎ᠡ ᠶᠢ ᠡᠭᠦᠳᠬᠦ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠤᠨ᠎ᠠ᠃ ᠪᠧᠢ ᠳ᠋ᠧᠦ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠭᠡᠨ ᠬᠥᠭᠵᠢᠯᠲᠡ ᠨᠢ ᠰᠠᠶᠢᠬᠠᠨ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠷᠢᠰᠦᠯᠳᠦᠬᠦ ᠬᠦᠴᠦᠨ ᠢ ᠳᠠᠪᠲᠠᠨ ᠪᠣᠯᠪᠠᠰᠤᠷᠠᠭᠤᠯᠬᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠵᠡᠢ᠃
     ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠠᠶᠢᠬᠠᠨ ᠲᠣᠭᠤᠷᠢᠭ ᠤᠨ ᠣᠨᠴᠠᠯᠢᠭᠲᠤ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨᠬᠦ ᠬᠤᠪᠢᠷᠠᠭᠤᠯᠵᠤ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠣᠯᠣᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号