ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠢ ᠠᠮᠢᠳᠤᠷᠠᠯ ᠤᠨ ᠣᠷᠣᠨ ᠪᠦᠰᠡ ᠶᠢ ᠴᠣᠭᠴᠠᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/7/3
     ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠨᠢᠭᠡᠨᠲᠡ ᠶᠡᠭᠡ ᠬᠡᠪᠴᠢᠶ᠎ᠡ ᠶᠢᠨ ᠨᠡᠮᠡᠭᠳᠡᠯ ᠤᠨ ᠬᠡᠮᠵᠢᠶ᠎ᠡ ᠪᠠᠷ ᠪᠦᠲᠦᠭᠡᠨ ᠪᠠᠶᠢᠭᠤᠯᠬᠤ ᠠᠴᠠ ᠦᠯᠡᠳᠡᠭᠳᠡᠯ ᠣᠷᠣᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠠᠶᠢᠵᠢᠷᠠᠭᠤᠯᠬᠤ ᠪᠠ ᠨᠡᠮᠡᠭᠳᠡᠯ ᠤᠨ ᠪᠦᠲᠦᠴᠡ ᠶᠢ ᠲᠣᠬᠢᠷᠠᠭᠤᠯᠬᠤ ᠵᠡᠷᠭᠡ ᠶᠢ ᠴᠢᠬᠤᠯᠠᠴᠢᠯᠠᠬᠤ ᠪᠣᠯᠵᠤ᠂ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠰᠢ ᠰᠢᠯᠵᠢᠵᠦ᠂ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠠᠢ᠂ ᠬᠢᠵᠠᠭᠠᠷ ᠲᠠᠢ ᠭᠠᠵᠠᠷ ᠰᠢᠷᠣᠢ ᠶᠢ ᠬᠡᠷᠬᠢᠨ ᠠᠰᠢᠭᠯᠠᠨ ᠴᠢᠨᠠᠷ ᠰᠠᠶᠢᠲᠠᠢ ᠠᠮᠢᠳᠤᠷᠠᠯ ᠤᠨ ᠣᠷᠣᠨ ᠪᠦᠰᠡ ᠶᠢ ᠴᠣᠭᠴᠠᠯᠠᠬᠤ ᠪᠣᠯ ᠨᠢᠭᠡᠨ ᠬᠦᠴᠢᠷ ᠠᠰᠠᠭᠤᠳᠠᠯ ᠪᠣᠯᠵᠠᠢ᠃ ᠪᠢᠴᠢᠯ ᠴᠡᠴᠡᠷᠯᠢᠭ ᠪᠤᠢ ᠪᠣᠯᠤᠭᠰᠠᠨ ᠠᠴᠠ ᠠᠰᠠᠭᠤᠳᠠᠯ ᠳᠤ ᠡᠷᠭᠢᠯᠲᠡ ᠭᠠᠷᠪᠠ᠃ ᠬᠤᠪᠴᠠᠰᠤᠨ ᠤ ᠬᠠᠷᠮᠠᠨ ᠠᠳᠠᠯᠢ  ᠪᠢᠴᠢᠬᠠᠨ ᠪᠢᠴᠢᠯ ᠴᠡᠴᠡᠷᠯᠢᠭ ᠨᠢ ᠵᠢᠵᠢᠭ ᠮᠥᠷᠲᠡᠭᠡᠨ ᠮᠠᠰᠢ ᠳᠥᠭᠦᠮ ᠳᠥᠲᠡ ᠪᠠᠶᠢᠵᠤ᠂ ᠣᠯᠠᠨ ᠨᠡᠶᠢᠲᠡ ᠳᠤ ᠬᠠᠨᠳᠤᠭᠤᠯᠤᠨ ᠴᠢᠯᠦᠭᠡᠲᠡᠢ ᠨᠡᠭᠡᠭᠡᠭᠰᠡᠨ᠂ ᠬᠡᠪᠴᠢᠶ᠎ᠡ ᠪᠠᠷ ᠨᠡᠯᠢᠶᠡᠳ ᠪᠠᠭ᠎ᠠ᠂ ᠬᠡᠯᠪᠡᠷᠢ ᠮᠠᠶ᠋ᠢᠭ ᠨᠢ ᠣᠯᠠᠨ ᠶᠠᠩᠵᠤ ᠲᠠᠢ᠂ ᠵᠤᠭᠠᠴᠠᠨ ᠠᠮᠠᠷᠠᠬᠤ ᠳᠤ ᠲᠣᠬᠢᠷᠠᠮᠵᠢᠲᠠᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠨᠢ ᠶᠡᠷᠦ ᠳᠡᠭᠡᠨ 400 - 10000 ᠲᠡᠭᠰᠢ ᠳᠥᠷᠪᠡᠯᠵᠢᠨ ᠮᠧᠲᠷ ᠤᠨ ᠬᠤᠭᠤᠷᠣᠨᠳᠤ ᠪᠠᠶᠢᠵᠤ᠂ ᠭᠠᠵᠠᠷ ᠰᠣᠩᠭᠤᠬᠤ ᠨᠢ ᠠᠮᠢᠳᠤᠯᠢᠭ᠂ ᠲᠥᠬᠦᠮ ᠪᠥᠭᠡᠳ ᠬᠡᠷᠡᠭᠴᠡᠭᠡ ᠲᠠᠢ᠂ ᠣᠷᠴᠢᠨ ᠲᠣᠭᠤᠷᠢᠨ ᠨᠢ ᠨᠥᠬᠦᠷᠰᠡᠭ ᠵᠡᠷᠭᠡ ᠣᠨᠴᠠᠯᠢᠭ ᠲᠠᠢ᠂ ᠰᠡᠯᠡᠭᠦᠴᠡᠨ ᠵᠤᠭᠠᠴᠠᠬᠤ᠂ ᠬᠡᠦᠬᠡᠳ ᠤᠨ ᠲᠣᠭᠯᠠᠭᠠᠮ᠂ ᠪᠡᠶ᠎ᠡ ᠴᠢᠭᠢᠷᠠᠭᠵᠢᠭᠤᠯᠬᠤ᠂ ᠰᠣᠶᠣᠯ ᠤᠨ ᠳᠡᠯᠭᠡᠨ ᠦᠵᠡᠭᠦᠯᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠴᠢᠳᠠᠮᠵᠢ ᠲᠠᠢ᠃ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠲᠠ ᠶᠢᠨ ᠪᠣᠬᠢᠷᠲᠤᠯ ᠦᠭᠡᠢ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠵᠣᠬᠢᠶᠠᠨ ᠪᠠᠶᠢᠭᠤᠯᠤᠨ ︽ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠪᠢᠴᠢᠯ ᠴᠡᠴᠡᠷᠯᠢᠭ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃             ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠵᠤ᠂ ᠠᠷᠠᠳ ᠤᠨ ᠬᠤᠳᠠ ᠨᠢ ᠠᠷᠠᠳ ᠲᠦᠮᠡᠨ ᠤ ᠲᠥᠯᠥᠭᠡ᠃ ︽ᠵᠦᠭᠯᠡᠭᠦᠷ︾ ᠨᠢ ︽ᠠᠷᠠᠳ ᠤᠨ ᠬᠤᠲᠠ︾ ᠶᠢᠨ ᠴᠢᠬᠤᠯᠠ ᠣᠨᠣᠯᠵᠢᠬᠤᠨ ᠢ ᠪᠥᠬᠦ ᠲᠠᠯ᠎ᠠ ᠪᠠᠷ ᠦᠢᠯᠡᠳᠦᠯᠭᠡᠵᠢᠭᠦᠯᠵᠦ᠂ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠵᠢᠷᠤᠮᠯᠠᠬᠤ ᠴᠢᠬᠤᠯᠠᠲᠠᠢ ᠲᠠᠪᠤᠨ ᠶᠡᠭᠡ ᠵᠠᠷᠴᠢᠮ ᠢ ᠲᠣᠳᠣᠷᠬᠠᠶᠢᠯᠠᠪᠠ᠃ ᠨᠢᠭᠡ ᠳᠤ᠂ ᠶᠡᠭᠡ ᠪᠠᠶᠢᠵᠤ ᠪᠣᠯᠣᠨ᠎ᠠ ᠪᠠᠭ᠎ᠠ ᠪᠠᠶᠢᠵᠤ ᠴᠦ ᠪᠣᠯᠬᠤ ᠪᠥᠭᠡᠳ ᠭᠠᠵᠠᠷ ᠣᠷᠣᠨ ᠤ ᠪᠣᠳᠠᠲᠠᠢ ᠪᠠᠶᠢᠳᠠᠯ ᠳᠠᠭᠠᠨ ᠲᠣᠬᠢᠷᠠᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠲᠣᠭᠲᠠᠭᠠᠯ ᠠᠴᠠ ᠵᠦᠷᠴᠢᠭᠰᠡᠨ ᠪᠠᠷᠢᠯᠭ᠎ᠠ ᠶᠢ ᠨᠤᠷᠠᠭᠠᠵᠤ ᠨᠣᠭᠤᠭᠠᠷᠠᠭᠤᠯᠬᠤ᠂ ᠵᠠᠪᠰᠠᠷ ᠵᠠᠭᠠᠭ ᠢᠶᠠᠷ ᠨᠢ ᠨᠣᠭᠤᠭᠠᠷᠠᠭᠤᠯᠬᠤ ᠵᠡᠷᠭᠡ ᠪᠠᠷ ᠪᠢᠴᠢᠯ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠤᠤᠯ ᠭᠠᠵᠠᠷ ᠤᠨ ᠪᠠᠶᠢᠴᠠ ᠪᠣᠯᠣᠨ ᠤᠷᠭᠤᠮᠠᠯ ᠤᠨ ᠬᠤᠴᠢᠯᠭ᠎ᠠ ᠶᠢ ᠭᠦᠢᠴᠡᠳ ᠬᠠᠮᠠᠭᠠᠯᠠᠬᠤ ᠪᠠ ᠠᠰᠢᠭᠯᠠᠵᠤ᠂ ᠭᠠᠵᠠᠷ ᠣᠷᠣᠨ ᠤ ᠰᠣᠶᠣᠯ ᠤᠨ ᠪᠣᠳᠠᠲᠤ ᠣᠨᠴᠠᠯᠢᠭ ᠢ ᠲᠣᠪᠤᠶᠢᠯᠭᠠᠨ᠂ ︽ᠨᠢᠭᠡ ᠴᠡᠴᠡᠷᠯᠢᠭ ᠨᠢᠭᠡ  ᠦᠢᠯᠡᠳᠬᠦᠨ︾ ᠤ ᠦᠵᠡᠮᠵᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠬᠤᠶᠠᠷ ᠲᠤ᠂ ᠪᠦᠬᠦ ᠶᠠᠪᠤᠴᠠ ᠳᠠᠭᠠᠨ ᠡᠶ᠎ᠡ ᠨᠠᠶᠢᠷᠠᠮᠳᠠᠭᠤ᠂ ᠠᠷᠠᠳ ᠲᠤ ᠲᠦᠬᠦᠮ ᠦᠵᠡᠭᠦᠯᠵᠦ ᠠᠷᠠᠳ ᠢ ᠳᠣᠲᠣᠨᠣᠴᠢᠯᠠᠨ᠎ᠠ᠃ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠭᠡᠨ ᠤ ᠷᠠᠳᠢᠦᠰ ᠤᠨ ᠪᠦᠷᠬᠦᠴᠡ ᠬᠦᠷᠦᠯᠴᠡᠬᠦ ᠦᠭᠡᠢ ᠣᠷᠣᠨ ᠪᠦᠰᠡ ᠶᠢ ᠭᠤᠣᠯᠳᠠᠯᠭ᠎ᠠ ᠲᠠᠢ ᠰᠣᠩᠭᠤᠵᠤ᠂  ᠨᠠᠰᠤᠲᠠᠶᠢᠴᠤᠳ ᠪᠠ ᠬᠡᠦᠬᠡᠳ ᠤᠨ ᠰᠡᠯᠡᠭᠦᠴᠡᠯ ᠳᠤ ᠵᠣᠬᠢᠴᠠᠬᠤ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠯᠭᠡᠭᠡᠨ ᠤ ᠲᠠᠯᠠᠪᠤᠷ ᠭᠠᠵᠠᠷ ᠢ ᠨᠡᠮᠡᠭᠳᠡᠭᠦᠯᠵᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠣᠯᠠᠨ ᠡᠰᠢᠲᠦ ᠬᠥᠳᠡᠯᠭᠡᠭᠡᠨ ᠤ ᠲᠠᠯᠠᠪᠤᠷ ᠭᠠᠵᠠᠷ ᠢ ᠪᠣᠶ ᠪᠣᠯᠭᠠᠨ᠎ᠠ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠮᠤᠷ ᠲᠦᠪᠰᠢᠨ ᠲᠠᠭᠠᠯᠠᠮᠵᠢᠲᠠᠢ ᠪᠣᠯᠭᠠᠨ᠎ᠠ᠃ ᠭᠠᠵᠠᠷ ᠰᠣᠩᠭᠤᠬᠤ ᠪᠠ ᠪᠦᠲᠦᠭᠡᠨ ᠪᠠᠶᠢᠭᠤᠯᠬᠤ ᠳᠤ ᠠᠯᠢ ᠪᠣᠯᠬᠤᠶᠢᠴᠠ ᠡᠯ᠎ᠡ ᠲᠥᠷᠥᠯ ᠤᠨ ᠳᠠᠯᠳᠠ ᠲᠦᠭᠰᠢᠭᠦᠷᠢ ᠶᠢᠨ ᠬᠦᠴᠦᠨ ᠵᠦᠢᠯ ᠠᠴᠠ ᠵᠠᠯᠠᠰᠬᠢᠵᠦ᠂ ᠰᠢᠨᠵᠢᠯᠡᠬᠦ ᠤᠬᠠᠭᠠᠨᠴᠢ ᠪᠠᠷ ᠴᠢᠳᠠᠮᠵᠢ ᠶᠢᠨ ᠪᠠᠶᠢᠷᠢᠰᠢᠭᠤᠯᠤᠯᠲᠠ ᠬᠢᠵᠦ᠂ ᠴᠡᠴᠡᠷᠯᠢᠭ ᠲᠠᠬᠢ ᠡᠯ᠎ᠡ ᠲᠥᠷᠥᠯ ᠤᠨ ᠰᠡᠯᠡᠭᠦᠴᠡᠯ ᠤᠨ ᠬᠥᠳᠡᠯᠭᠡᠭᠡᠨ ᠤ ᠣᠶᠢᠷ᠎ᠠ ᠬᠠᠪᠢ ᠶᠢᠨ ᠰᠠᠭᠤᠭᠠᠯᠢ ᠠᠷᠠᠳ ᠢ ᠨᠥᠯᠥᠭᠡᠯᠡᠬᠦ ᠶᠢ ᠪᠦᠲᠦᠮᠵᠢᠲᠡᠶ ᠰᠢᠢᠳᠪᠦᠷᠢᠯᠡᠨ᠎ᠡ᠃ ᠳᠥᠷᠪᠡ ᠳᠤ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠵᠤ᠂ ᠠᠷᠪᠢᠯᠠᠨ ᠭᠠᠮᠨᠠᠵᠤ ᠪᠣᠳᠠᠲᠠᠢ ᠶᠢ ᠡᠷᠬᠢᠮᠯᠡᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠴᠡᠴᠡᠷᠯᠢᠭ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠪᠡᠯᠡᠳᠬᠡᠮᠵᠢ ᠶᠢ ᠵᠦᠢ ᠵᠣᠬᠢᠰᠲᠠᠢ ᠲᠣᠬᠢᠷᠠᠭᠤᠯᠤᠨ᠂ ᠨᠤᠲᠤᠭ ᠤᠨ ᠤᠷᠭᠤᠮᠠᠯ ᠢ ᠤᠷᠢᠳᠠᠪᠠᠷ ᠬᠡᠷᠡᠭᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠲᠥᠬᠦᠭᠡᠷᠦᠮᠵᠢ᠂ ᠥᠨᠳᠥᠷ ᠮᠡᠷᠭᠡᠵᠢᠯ ᠪᠠ ᠤᠷᠠᠯᠠᠯ ᠬᠡᠷᠡᠭᠯᠡᠬᠦ ᠶᠢ ᠰᠠᠨᠠᠭᠠᠴᠢᠯᠠᠨ᠎ᠠ᠃ ᠲᠠᠪᠤ ᠳᠤ᠂ ᠣᠯᠠᠨ ᠡᠰᠢᠲᠦ ᠰᠣᠯᠢᠯᠴᠠᠭ᠎ᠠ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ ︽ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠨᠡᠶᠢᠭᠡᠮ ᠨᠡᠶᠢᠳᠡ ᠪᠠᠷ ᠣᠷᠣᠯᠴᠠᠭᠰᠠᠨ︾ ᠣᠯᠠᠨ ᠡᠰᠢᠲᠦ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠴᠡᠴᠡᠷᠯᠢᠭ ᠤᠨ ᠭᠠᠵᠠᠷ ᠰᠣᠩᠭᠤᠬᠤ᠂ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠣᠷᠣᠯᠴᠠᠭᠤᠯᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃               ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠪᠠᠶᠢᠭᠠᠯᠢ ᠶᠢᠨ ᠦᠵᠡᠮᠵᠢ᠂ ᠲᠡᠦᠬᠡ ᠰᠣᠶᠣᠯ ᠪᠠ ᠤᠷᠠᠯᠢᠭ ᠤᠨ ᠭᠤᠸ᠎ᠠ ᠰᠠᠶᠢᠬᠠᠨ ᠤ ᠳᠡᠰ ᠲᠠᠪᠰᠢᠯᠳᠡ ᠳᠤ ᠠᠩᠬᠠᠷᠤᠯ ᠢᠶᠠᠨ ᠬᠠᠨᠳᠤᠭᠤᠯᠤᠨ᠎ᠠ᠃ ᠭᠠᠵᠠᠷ ᠰᠣᠩᠭᠤᠬᠤ ᠪᠠᠶᠢᠷᠢᠰᠢᠭᠤᠯᠤᠯᠲᠠ ᠶᠢᠨ ᠲᠠᠯ᠎ᠠ ᠪᠠᠷ᠂ ︽ᠵᠦᠭᠯᠡᠭᠦᠷ︾ ᠲᠤ ᠦᠢᠯᠡᠴᠢᠯᠡᠭᠡᠨ ᠤ ᠪᠠᠯᠠᠢ ᠣᠷᠣᠨ ᠢ ᠨᠥᠬᠦᠪᠦᠷᠢᠯᠡᠬᠦ᠂ ᠬᠤᠲᠠ ᠶᠢᠨ ᠰᠢᠨᠡᠴᠢᠯᠡᠯᠲᠡ ᠶᠢᠨ ᠪᠠᠶᠢᠷᠢᠯᠠᠭᠤᠯᠤᠯᠲᠠ ᠪᠠ ᠲᠡᠦᠬᠡ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠭᠤᠴᠢᠨ ᠬᠤᠲᠠ ᠶᠢᠨ ᠲᠣᠭᠤᠷᠢᠭ ᠤᠨ ᠳᠣᠲᠣᠷᠠᠬᠢ ᠥᠨᠴᠥᠭ ᠪᠤᠯᠤᠩ᠂ ᠰᠤᠯᠠ ᠭᠠᠵᠠᠷ ᠰᠢᠷᠣᠢ ᠵᠢᠴᠢ ᠠᠰᠢᠭᠯᠠᠵᠤ ᠪᠣᠯᠬᠤ ᠪᠤᠰᠤᠳ ᠣᠷᠣᠨ ᠪᠦᠰᠡ ᠳᠤ ᠪᠢᠴᠢᠯ ᠴᠡᠴᠡᠷᠯᠢᠭ ᠲᠥᠯᠥᠪᠵᠢᠭᠦᠯᠦᠨ ᠪᠠᠶᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠭᠡᠨ ᠤ ᠷᠠᠳᠢᠦ᠋ᠰ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠣᠷᠣᠨ ᠪᠦᠰᠡ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ︔ ᠰᠢᠨ᠎ᠡ ᠬᠤᠲᠠ ᠲᠣᠭᠤᠷᠢᠭ ᠨᠢ ᠵᠦᠯᠭᠡ ᠭᠠᠵᠠᠷ ᠤᠨ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠲᠠᠢ ᠤᠶᠠᠯᠳᠤᠭᠤᠯᠤᠨ᠂ ︽300 ᠮᠧᠲᠷ ᠢ  ᠨᠣᠭᠤᠭᠠᠷᠠᠭᠤᠯᠤᠯᠲᠠ ᠲᠠᠢ᠂ 500 ᠮᠧᠲᠷ ᠲᠤ ᠴᠡᠴᠡᠷᠯᠢᠭ ᠲᠠᠢ︾ ᠬᠠᠷᠠᠯᠲᠠ ᠪᠠᠷ ᠪᠢᠴᠢᠯ ᠴᠡᠴᠡᠷᠯᠢᠭ ᠢ ᠨᠡᠮᠡᠵᠦ ᠲᠣᠬᠢᠷᠠᠭᠤᠯᠤᠨ᠂ ᠪᠠᠶᠢᠷᠢᠰᠢᠯ ᠨᠢ ᠲᠡᠩᠴᠡᠭᠦᠷᠢᠲᠡᠢ᠂ ᠢᠵᠢ ᠪᠦᠷᠢᠳᠦᠭᠰᠡᠨ ᠵᠦᠢ ᠵᠣᠬᠢᠰᠲᠠᠢ ᠬᠤᠲᠠ ᠶᠢᠨ ᠴᠡᠴᠡᠷᠯᠢᠭ ᠤᠨ ᠰᠢᠰᠲ᠋ᠧᠮᠵᠢ ᠶᠢ ᠪᠠᠶᠢᠭᠤᠯᠤᠨ᠎ᠠ᠃ ᠵᠢᠷᠤᠭ ᠲᠥᠯᠥᠪᠯᠡᠭᠡ ᠶᠢᠨ ᠲᠠᠯ᠎ᠠ ᠪᠠᠷ᠂ ︽ᠵᠦᠭᠯᠡᠭᠦᠷ︾ ᠳᠤ ᠡᠷᠬᠢᠨ ᠲᠣᠭᠤᠷᠢᠨ ᠤ ᠬᠥᠮᠥᠰ ᠤᠨ ᠬᠡᠷᠡᠭᠯᠡᠬᠦ ᠬᠡᠷᠡᠭᠴᠡᠭᠡ ᠶᠢ ᠬᠠᠩᠭᠠᠬᠤ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠴᠡᠴᠡᠷᠯᠢᠭ ᠤᠨ ᠣᠷᠴᠢᠨ ᠲᠣᠭᠤᠷᠢᠨ ᠢ  ᠰᠠᠶᠢᠵᠢᠷᠠᠭᠤᠯᠬᠤ᠂ ᠲᠥᠬᠦᠮ ᠪᠥᠭᠡᠳ ᠵᠦᠢ ᠵᠣᠬᠢᠰᠲᠠᠢ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠴᠢᠬᠤᠯᠠᠴᠢᠯᠠᠬᠤ᠂ ᠠᠮᠤᠷ ᠲᠦᠪᠰᠢᠨ ᠲᠠᠭᠠᠯᠠᠮᠵᠢᠲᠠᠢ ᠣᠷᠴᠢᠨ ᠲᠣᠭᠤᠷᠢᠨ ᠤ ᠠᠭᠤᠷ ᠠᠮᠢᠰᠬᠤᠯ ᠢ ᠪᠠᠲᠤᠯᠠᠬᠤ ᠪᠠ ᠲᠣᠰ ᠪᠦᠷᠢ ᠶᠢᠨ ᠣᠨᠴᠠᠯᠢᠭ ᠲᠠᠢ ᠲᠠᠯᠠᠪᠤᠷ ᠭᠠᠵᠠᠷ ᠤᠨ ᠭᠤᠣᠯ ᠣᠨᠴᠠᠯᠢᠭ ᠢ ᠢᠯᠡᠷᠡᠭᠦᠯᠬᠦ ᠲᠠᠪᠤᠨ ᠶᠡᠭᠡ ᠱᠠᠭᠠᠷᠳᠠᠯᠭ᠎ᠠ ᠶᠢ ᠳᠤᠷᠠᠳᠬᠤ ᠶᠢᠨ ᠬᠠᠮᠲᠤ ᠪᠢᠴᠢᠯ ᠴᠡᠴᠡᠷᠯᠢᠭ ᠤᠨ ᠠᠵᠢᠯᠯᠠᠭᠠᠨ ᠤ ᠲᠠᠯᠠᠪᠤᠷ᠂ ᠵᠠᠮ ᠤᠨ ᠴᠢᠮᠡᠭᠯᠡᠯ᠂ ᠨᠣᠭᠤᠭᠠᠷᠠᠭᠤᠯᠤᠯᠲᠠ᠂ ᠦᠵᠡᠮᠵᠢ᠂ ᠰᠣᠶᠣᠯ ᠤᠨ ᠦᠵᠡᠭᠦᠯᠦᠯᠭᠡ ᠪᠠ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠶᠢᠨ ᠵᠢᠷᠤᠭ ᠲᠥᠯᠥᠪᠯᠡᠭᠡ ᠶᠢᠨ ᠨᠠᠷᠢᠨ ᠳᠦᠷᠢᠮ ᠢ ᠲᠣᠳᠣᠷᠬᠠᠢ ᠲᠣᠭᠲᠠᠭᠠᠪᠠ ᠃ ᠬᠠᠮᠢᠶᠠᠷᠤᠯᠲᠠ ᠬᠠᠮᠠᠭᠠᠯᠠᠯᠲᠠ ᠶᠢᠨ ᠲᠠᠯ᠎ᠠ ᠪᠠᠷ᠂ ︽ᠵᠦᠭᠯᠡᠭᠦᠷ︾ ᠲᠤ ︽ᠭᠤᠷᠪᠠᠨ ᠬᠤᠪᠢ ᠶᠢᠨ ᠪᠦᠲᠦᠭᠡᠨ ᠪᠠᠶᠢᠭᠤᠯᠤᠯᠲᠠ᠂ ᠲᠤᠯᠤᠭᠠᠨ ᠬᠤᠪᠢ ᠶᠢᠨ ᠬᠠᠮᠢᠶᠠᠷᠤᠯᠲᠠ ᠠᠷᠠᠴᠢᠯᠠᠯᠲᠠ︾ ᠶᠢᠨ ᠵᠠᠷᠴᠢᠮ ᠢ ᠪᠠᠷᠢᠮᠲᠠᠯᠠᠵᠤ᠂ ᠴᠡᠴᠡᠷᠯᠢᠭ ᠤᠨ ᠳᠦᠷᠰᠦ ᠪᠠᠶᠢᠳᠠᠯ ᠣᠷᠴᠢᠨ ᠲᠣᠭᠤᠷᠢᠨ ᠤ  ᠠᠷᠢᠭᠤᠨ ᠴᠡᠪᠡᠷ᠂  ᠨᠣᠭᠤᠭᠠᠷᠠᠭᠤᠯᠤᠯᠲᠠ ᠠᠷᠠᠴᠢᠯᠠᠯᠲᠠ ᠬᠠᠮᠠᠭᠠᠯᠠᠯᠲᠠ᠂ ᠲᠥᠬᠦᠭᠡᠷᠦᠮᠵᠢ ᠶᠢᠨ ᠬᠠᠮᠢᠶᠠᠷᠤᠯᠲᠠ ᠪᠠ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠳᠤ ᠪᠢᠴᠢᠯ ᠴᠡᠴᠡᠷᠯᠢᠭ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃             ᠬᠡᠰᠡᠭ ᠪᠤᠰᠠᠭ ᠣᠷᠣᠨ ᠪᠦᠰᠡ ᠶᠢ ᠬᠤᠯᠪᠤᠭᠠᠯᠠᠨ ᠨᠡᠪᠲᠡᠷᠡᠭᠦᠯᠦᠭᠰᠡᠨ᠂ ᠣᠯᠠᠨ ᠶᠠᠩᠵᠤ ᠶᠢᠨ ᠬᠡᠷᠡᠭᠯᠡᠬᠦ ᠴᠢᠳᠠᠪᠤᠷᠢ ᠲᠠᠢ ᠨᠡᠶᠢᠯᠡᠮᠡᠯ ᠬᠡᠯᠪᠡᠷᠢ ᠶᠢᠨ ᠨᠡᠭᠡᠭᠡᠯᠲᠡᠲᠤ ᠣᠷᠣᠨ ᠪᠦᠰᠡ ᠪᠣᠯᠤᠭᠰᠠᠨ ᠤ ᠬᠤᠪᠢ ᠳᠤ᠂ ᠪᠢᠴᠢᠯ ᠴᠡᠴᠡᠷᠯᠢᠭ ᠨᠢ ᠰᠠᠭᠤᠭᠠᠯᠢ ᠠᠷᠠᠳ ᠲᠤ ᠭᠡᠷ ᠤᠨ ᠡᠭᠦᠳᠡᠨ ᠳᠡᠭᠡᠨ ᠡᠬᠡ ᠪᠠᠶᠢᠭᠠᠯᠢ ᠶᠢᠨ ᠠᠷᠢᠭᠤᠨ ᠡᠨᠧᠷᠬᠢ ᠶᠢ ᠡᠳ᠋ᠯᠡᠭᠦᠯᠬᠦ ᠪᠣᠯᠭᠠᠵᠠᠢ᠃ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢ ᠬᠤᠲᠠ ᠶᠢᠨ ᠪᠣᠬᠢᠷᠳᠤᠯ ᠦᠭᠡᠢ ᠣᠯᠠᠨ ᠨᠡᠶᠢᠲᠡ ᠶᠢᠨ ᠣᠷᠣᠨ ᠪᠦᠰᠡ ᠶᠢ ᠥᠷᠭᠡᠳᠬᠡᠬᠦ᠂ ᠦᠯᠡᠳᠡᠭᠳᠡᠯ ᠣᠷᠣᠨ ᠪᠦᠰᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠰᠡᠯᠡᠭᠦᠴᠡᠨ ᠵᠤᠭᠠᠴᠠᠵᠤ ᠠᠮᠠᠷᠠᠬᠤ ᠬᠡᠷᠡᠭᠴᠡᠭᠡ ᠶᠢ ᠬᠠᠩᠭᠠᠬᠤ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠲᠡᠭᠦᠯᠳᠡᠷᠵᠢᠭᠦᠯᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠣᠯ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠳᠡᠭᠡᠳᠦ ᠬᠡᠮᠵᠢᠶ᠎ᠡ ᠪᠠᠷ ᠨᠡᠶᠢᠴᠡᠬᠦ ᠬᠤᠲᠠ ᠶᠢᠨ ᠣᠷᠣᠨ ᠪᠦᠰᠡ ᠶᠢᠨ ᠰᠦᠪᠡᠭᠴᠢᠯᠡᠯᠲᠡ ᠮᠥᠨ᠂ ᠠᠷᠠᠳ ᠤᠨ ᠬᠡᠷᠡᠭᠴᠡᠭᠡ ᠠᠴᠠ ᠡᠭᠦᠰᠴᠦ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠣᠷᠣᠨ ᠪᠦᠰᠡ ᠶᠢᠨ ᠵᠣᠷᠢᠭ ᠰᠠᠨᠠᠭ᠎ᠠ ᠶᠢ ᠱᠤᠭᠤᠵᠤ᠂ ᠠᠮᠢᠳᠤᠷᠠᠯ ᠤᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠵᠢᠷᠤᠭ ᠲᠥᠯᠥᠪᠯᠡᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠵᠡᠮᠵᠢ ᠶᠢ ᠠᠮᠢᠳᠤᠷᠠᠯ ᠲᠠᠢ ᠠᠭᠤᠰᠬᠠᠨ᠂ ᠣᠳᠣᠨ ᠮᠡᠴᠢᠳ ᠰᠢᠭ ᠪᠢᠴᠢᠯ ᠴᠡᠴᠡᠷᠯᠢᠭ ᠢ ᠬᠤᠲᠠ ᠶᠢᠨ ᠡᠳᠦᠷ ᠲᠤᠲᠤᠮ ᠤᠨ ᠠᠮᠢᠳᠤᠷᠠᠯ ᠲᠠᠢ ᠨᠠᠪᠲᠠᠷᠡᠭᠦᠯᠵᠦ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠮᠡᠲᠦ ᠬᠥᠷᠥᠰᠥ ᠶᠢ ᠵᠤᠵᠠᠭᠠᠳᠬᠠᠵᠤ᠂ ᠬᠤᠲᠠ ᠶᠢᠨ ᠴᠢᠨᠠᠷ ᠰᠠᠶᠢᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠣᠨ ᠪᠦᠰᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃           ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号