| | ᠣᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ︽ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠨᠠᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠯᠠᠭᠠᠨ ᠤ ᠲᠥᠰᠥᠯ︾ ︵ᠳᠣᠷᠣᠭᠰᠢ ︽ᠠᠵᠢᠯᠯᠠᠭᠠᠨ ᠤ | ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠃ ︽ᠠᠵᠢᠯᠯᠠᠭᠠᠨ ᠤ ᠲᠥᠰᠥᠯ︾ ᠨᠢ ᠮᠠᠨ ᠤ ᠣᠷᠣᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠨᠠᠩ ᠶᠡᠭᠡ | ᠡᠷᠴᠢᠮ᠂ ᠨᠠᠩ ᠪᠦᠲᠦᠮᠵᠢᠲᠡᠶ ᠣᠷᠣᠭᠤᠯᠤᠨ ᠠᠪᠴᠢᠷᠠᠬᠤ ᠪᠠ ᠠᠰᠢᠭᠯᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ12 | ᠵᠤᠷᠪᠤᠰ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠭᠠᠷᠭᠠᠵᠤ᠂ ᠮᠠᠨ ᠤ ᠣᠷᠣᠨ ᠤ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠬᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠡᠢ᠃ | | | ︽ᠠᠵᠢᠯᠯᠠᠭᠠᠨ ᠤ ᠲᠥᠰᠥᠯ︾ ᠳᠤ ᠭᠤᠣᠯᠳᠠᠭᠤ ᠭᠤᠷᠪᠠᠨ ᠶᠡᠭᠡ ᠭᠢᠯᠠᠰ ᠴᠡᠭ ᠪᠤᠶ᠄ ᠨᠢᠭᠡ ᠳᠤ᠂ ᠪᠡᠯᠡ ᠮᠥᠩᠭᠦ | ᠭᠠᠷᠭᠠᠵᠤ ᠲᠥᠷᠥ ᠶᠢᠨ ᠪᠣᠳᠣᠯᠭ᠎ᠠ ᠶᠢᠨ ᠦᠨ᠎ᠡ ᠥᠷᠲᠡᠭ ᠢ ᠪᠠᠳᠠᠷᠠᠭᠤᠯᠵᠠᠢ᠃ 2027 ᠣᠨ ᠪᠤᠯᠲᠠᠯ᠎ᠠ ᠥᠪᠥᠷ | ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠵᠢᠯ ᠪᠦᠷᠢ ᠭᠠᠳᠠᠭᠠᠳᠤ ᠠᠵᠤ ᠠᠬᠤᠢ | ᠠᠷᠠᠯᠵᠢᠶᠠᠨ ᠤ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠬᠦ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ | ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠲᠦᠷᠭᠡᠨ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠬᠤᠶᠠᠷ ᠲᠤ᠂ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠎ᠠ᠃ ᠥᠪᠥᠷ | ᠮᠣᠩᠭᠤᠯ ᠤᠨ ᠨᠠᠢᠮᠠᠨ ᠶᠡᠭᠡ ᠠᠵᠤ ᠦᠢᠯᠡᠰ ᠤᠨ ᠪᠦᠯᠦᠭᠯᠡᠯ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ | ᠭᠠᠳᠠᠭᠠᠳᠤ ᠪᠡᠯᠡ ᠲᠠᠲᠠᠬᠤ ᠲᠥᠷᠥᠯ ᠵᠦᠢᠯ ᠤᠨ ᠲᠣᠭᠤᠷᠢᠨ ᠳᠤ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠭᠤᠷᠪᠠ ᠳᠤ᠂ ᠥᠪᠥᠷ ᠮᠣᠩᠭᠤᠯ ᠤᠨ ᠦᠨᠡᠨᠴᠢ ᠢᠲᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ ᠭᠠᠳᠠᠭᠠᠳᠤ ᠪᠡᠯᠡ ᠶᠢᠨ ᠡᠷᠬᠡ ᠠᠰᠢᠭ ᠢ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠠᠶᠢᠮᠠᠭ ᠬᠤᠲᠠ ᠶᠢ ᠵᠢᠯᠣᠭᠤᠳᠤᠨ ᠵᠠᠰᠠᠭ ᠤᠨ ᠣᠷᠳᠣᠨ ᠤ | ᠬᠠᠤᠯᠢ ᠶᠣᠰᠣᠭᠠᠷ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠭᠦᠢᠴᠡᠳᠬᠡᠵᠦ᠂ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠡᠷᠬᠡ ᠠᠰᠢᠭ ᠢ ᠬᠠᠤᠯᠢ ᠲᠣᠭᠲᠠᠭᠠᠯ ᠶᠣᠰᠣᠭᠠᠷ | ᠬᠠᠮᠠᠭᠠᠯᠠᠨ᠎ᠠ᠃ | | | ᠣᠶᠢᠯᠠᠭᠠᠭᠰᠠᠨ ᠢᠶᠠᠷ᠂ 2024 ᠣᠨ ᠤ ᠲᠦᠷᠦᠭᠦᠦ 4 ᠰᠠᠷ᠎ᠠ ᠳᠤ ᠪᠦᠭᠦ ᠣᠷᠣᠨ ᠤ ᠪᠣᠳᠠᠲᠠᠢ ᠬᠡᠷᠡᠭᠯᠡᠭᠰᠡᠨ | ᠭᠠᠳᠠᠭᠠᠳᠤ ᠪᠡᠯᠡ 7.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 49%︵ᠨᠤᠭᠤᠯᠵᠤ ᠪᠤᠳᠤᠪᠠᠯ 1.1 ᠳ᠋ᠦᠩᠰᠢᠭᠤᠷ ᠳ᠋ᠣᠯᠯᠠᠷ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 45.5% ᠪᠠᠷ ᠨᠡᠮᠡᠭᠳᠡᠪᠡ︶ᠨᠡᠮᠡᠭᠳᠡᠵᠠᠢ; ᠪᠦᠭᠦ ᠣᠷᠣᠨ ᠳᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 48 ᠪᠣᠯᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 26.3% ᠪᠠᠷ ᠨᠡᠮᠡᠭᠳᠡᠵᠡᠢ᠃ | | | ᠳᠠᠷᠠᠭᠠᠴᠢ ᠶᠢᠨ ᠠᠯᠬᠤᠮ ᠳᠤ ᠮᠠᠨ ᠤ ᠣᠷᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ | ᠪᠣᠯᠣᠨ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠪᠡᠯᠡ | ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠪᠡᠯᠡ | ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ | ᠭᠠᠳᠠᠭᠠᠳᠤ ᠪᠡᠯᠡ ᠶᠢᠨ ᠲᠦᠷᠦᠯ ᠵᠦᠢᠯ ᠪᠣᠯᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠢ | ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ | ᠪᠦᠭᠦ ᠶᠠᠪᠤᠴᠠ ᠶᠢ ᠮᠦᠷᠳᠡᠨ ᠦᠢᠯᠡᠴᠢᠯᠡᠨ᠎ᠡ᠃︽ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ᠂ | ︽ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ︾ ᠵᠡᠷᠭᠡ ᠡᠯ᠎ᠡ ᠲᠥᠷᠥᠯ ᠤᠨ ᠤᠯᠤᠰ ᠤᠨ | ᠭᠤᠣᠯᠳᠠᠯᠭ᠎ᠠ ᠲᠠᠢ ᠦᠵᠡᠰᠭᠦᠯᠡᠩ ᠤᠨ ᠴᠤᠭᠯᠠᠭᠠᠨ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠲᠠᠪᠴᠠᠩ ᠢ ᠠᠰᠢᠭᠯᠠᠨ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠵᠤ᠂ ᠭᠠᠳᠠᠭᠠᠳᠤ ᠪᠡᠯᠡ | ᠶᠢᠨ ᠲᠣᠮᠣ ᠲᠥᠷᠥᠯ ᠵᠦᠢᠯ ᠪᠣᠯᠣᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠡᠭᠦᠨ ᠤ | ᠬᠠᠮᠲᠤ ᠰᠢᠶᠠᠩᠭᠠᠩ ᠣᠣᠮᠧᠨ᠂ ᠰᠢᠩᠭᠠᠫᠤᠷ᠂ ᠶᠠᠫᠤᠨ ᠵᠡᠷᠭᠡ ᠤᠯᠤᠰ ᠭᠠᠵᠠᠷ ᠣᠷᠣᠨ ᠳᠤ ᠬᠠᠨᠳᠤᠭᠤᠯᠤᠭᠰᠠᠨ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠤ | ᠠᠬᠤᠢ ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠥᠪᠥᠷ ᠮᠣᠩᠭᠤᠯ ᠤᠨ ᠨᠡᠭᠡᠭᠡᠯᠲᠡ ᠶᠢᠨ ᠰᠢᠨ᠎ᠡ | ᠠᠮᠢᠵᠢᠷᠠᠯ ᠤᠨ ᠬᠦᠴᠦᠨ ᠢ ᠢᠯᠡᠷᠡᠭᠦᠯᠦᠨ᠎ᠡ᠃ |