ᠲᠤᠭ᠎ᠠ ᠪᠠᠷᠢᠮᠲᠠ ᠪᠠᠷ ᠥᠭᠦᠯᠡᠬᠦᠢ᠄ 2024 ᠣᠨ ᠤ 1- 5 ᠳ᠋ᠤᠭᠠᠷ ᠰᠠᠷ᠎ᠠ ᠶᠢᠨ ᠬᠥᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/7/3
     ᠡᠨᠡ ᠵᠢᠯ ᠠᠴᠠ ᠨᠠᠭᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠵᠢᠱᠢᠯᠲᠡ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠪᠠ᠃ 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃            ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠪᠣᠯᠬᠤ ᠠᠵᠢᠯ ᠲᠥᠷᠥᠯ ᠤᠨ ᠲᠤᠯᠭᠠᠭᠤᠷᠢᠯᠠᠬᠤ ᠬᠦᠴᠦᠨ ᠡᠷᠴᠢᠲᠡᠢ ᠪᠠᠶᠢᠨ᠎ᠠ            1 - 5 ᠳ᠋ᠤᠭᠠᠷ ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠵᠢᠷᠭᠤᠭᠠᠨ ᠬᠤᠪᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠡᠶᠡᠷᠭᠦ ᠨᠡᠮᠡᠭᠳᠡᠯ ᠢ ᠪᠡᠶᠡᠯᠡᠭᠦᠯᠪᠡ᠃ 28 ᠠᠵᠢᠯ ᠲᠥᠷᠥᠯ ᠤᠨ ᠳᠣᠲᠣᠷ᠎ᠠ 18 ᠠᠵᠢᠯ ᠲᠥᠷᠥᠯ ᠳᠤ ᠡᠶᠡᠷᠭᠦ ᠨᠡᠮᠡᠭᠳᠡᠯ ᠢᠯᠡᠷᠡᠵᠦ᠂ ᠨᠡᠮᠡᠭᠳᠡᠯ ᠤᠨ ᠬᠡᠪᠴᠢᠶ᠎ᠡ ᠨᠢ 64.3% ᠪᠠᠶᠢᠵᠤ᠂ ᠡᠭᠦᠨ ᠳᠤ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ︵16.0%︶᠂ ᠢᠳᠡᠭᠡᠨ ᠦᠢᠯᠡᠳᠬᠦ ᠦᠢᠯᠡᠰ ︵15.1%︶᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ︵14.9%︶᠂ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ︵35.4%︶ ᠵᠡᠷᠭᠡ 13 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃            ᠬᠤᠶᠠᠷ᠂ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠡᠷᠴᠢᠮᠲᠡᠢ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠬᠥᠭᠵᠢᠪᠡ            1 - 5 ᠳ᠋ᠤᠭᠠᠷ ᠰᠠᠷ᠎ᠠ ᠳᠤ᠂  ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ  ᠲᠤᠭ᠎ᠠ ᠠᠳᠠᠯᠢ ᠬᠤᠭᠤᠴᠠᠭᠠᠨ ᠤ ᠬᠢ ᠠᠴᠠ 3.5% ᠪᠠᠷ  ᠨᠡᠮᠡᠭᠳᠡᠵᠦ᠂ ᠪᠦᠷᠢᠳᠬᠡᠯ  ᠳᠤ ᠣᠷᠣᠭᠤᠯᠤᠭᠰᠠᠨ 21 ᠲᠥᠷᠥᠯ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠤᠨ ᠳᠣᠲᠣᠷ᠎ᠠ᠂  8 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠶᠢᠯᠡᠭᠡᠳ 8.1 ᠵᠠᠭᠤᠨ ᠤ ᠴᠡᠭ ᠬᠦᠷᠪᠡ᠃            ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠰᠠᠶᠢᠨ᠃ 1 - 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.2 % ᠪᠠᠷ ᠨᠡᠮᠡᠭᠳᠡᠵᠦ᠂ ᠡᠭᠦᠨ ᠳᠤ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠭᠤᠣᠯ ᠪᠣᠯᠬᠤ ᠲᠠᠸᠠᠷ ᠤᠨ ᠳᠣᠲᠣᠷ᠎ᠠ᠂ ᠠᠮᠤ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠬᠢᠲᠠᠳ ᠡᠸᠦ᠋ᠷᠦᠫᠡ ᠡᠮ ᠤᠨ ᠵᠦᠢᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 34. 3%᠂ 27.7%᠂ 72.0%᠂ 4.6 % ᠪᠠᠷ ᠨᠡᠮᠡᠭᠳᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 6.6 ᠵᠠᠭᠤᠨ ᠤ ᠨᠢᠭᠡᠴᠢ ᠳᠠᠶᠢᠴᠢᠯᠠᠪᠠ᠃            ᠭᠤᠷᠪᠠ᠂ ᠪᠡᠯᠡ ᠣᠷᠣᠭᠤᠯᠤᠯᠲᠠ ᠶᠢᠨ ᠬᠦᠷᠢᠶᠡᠨ ᠤ ᠨᠡᠮᠡᠭᠳᠡᠯ ᠤᠨ ᠬᠤᠷᠳᠤᠴᠠ ᠤᠳᠠᠭᠠᠨ ᠪᠣᠯᠵᠤ᠂ ᠲᠣᠮᠣ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ            1 - 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ15.2 % ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 5.0% ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ 2.9 ᠵᠠᠭᠤᠨ ᠤ ᠨᠢᠭᠡᠴᠢ ᠳᠣᠷᠣᠭᠰᠢ ᠲᠠᠲᠠᠵᠤ᠂ ᠨᠢᠭᠡᠳᠦᠭᠡᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 28.0%᠂ 22. 8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ ᠳᠠᠶᠢᠴᠢᠯᠠᠨ ᠨᠡᠶᠢᠲᠡ 13.0 ᠵᠠᠭᠤᠨ ᠤ ᠴᠡᠭ ᠨᠡᠮᠡᠭᠳᠡᠭᠦᠯᠪᠡ᠃            ᠲᠣᠮᠣ ᠲᠥᠷᠥᠯ ᠵᠦᠢᠯ ᠤᠨ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢᠯᠡᠳᠲᠡ ᠪᠣᠯᠪᠠ᠃ 1 - 5 ᠳ᠋ᠤᠭᠠᠷ ᠰᠠᠷ᠎ᠠ ᠳᠤ᠂ ᠪᠥᠬᠦ ᠬᠤᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ 67 ᠲᠥᠷᠥᠯ ᠵᠦᠢᠯ ᠳᠤ ᠪᠡᠯᠡ ᠣᠷᠣᠭᠤᠯᠵᠤ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 57.8% ᠪᠠᠶᠢᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠰᠢᠨ ᠬᠤᠸᠠᠨ ᠤ 10 ᠲᠦᠮᠡᠨ ᠲᠣᠨ ᠮᠥᠬᠦᠯᠢᠭᠲᠦ ᠴᠠᠬᠢᠭᠤᠷ᠂ ᠳ᠋ᠠ ᠲᠠᠩ ᠤᠨ ᠴᠢᠩ ᠱᠦᠢ ᠾᠧ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠲᠣᠭᠲᠠᠬᠤ ᠴᠠᠬᠢᠯᠭᠠᠨ ᠤ ᠦᠢᠯᠡᠳᠪᠦᠷᠢ ᠠᠴᠠ ᠬᠥᠬᠡᠬᠤᠲᠠ ᠬᠦᠷᠲᠡᠯ᠎ᠡ ᠢᠯᠴᠢ ᠬᠦᠷᠭᠡᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠣᠮᠣ ᠲᠥᠷᠥᠯ ᠵᠦᠢᠯ ᠤᠨ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠳᠤ ᠦᠵᠡᠭᠦᠯᠬᠦ ᠬᠤᠪᠢ ᠨᠡᠮᠡᠷᠢ ᠶᠢᠨ ᠦᠢᠯᠡᠳᠦᠯ ᠢᠯᠡᠳᠲᠡ ᠴᠢᠩᠭᠠᠷᠠᠪᠠ᠃            ᠠᠷᠠᠳ ᠤᠨ ᠳᠤᠮᠳᠠᠬᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠢᠶᠠᠷ ᠳᠡᠭᠡᠭᠰᠢᠯᠡᠪᠡ᠃ 1 - 5 ᠳ᠋ᠤᠭᠠᠷ ᠰᠠᠷ᠎ᠠ ᠳᠤ ᠪᠦᠬᠦ ᠬᠤᠳᠠ ᠶᠢᠨ ᠠᠷᠠᠳ ᠤᠨ ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ  ᠂ ᠨᠡᠮᠡᠭᠳᠡᠯ ᠤᠨ ᠬᠤᠷᠳᠤᠴᠠ ᠨᠢ 1 - 4 ᠳ᠋ᠦ᠋ᠭᠡᠷ ᠰᠠᠷ᠎ᠠ  ︵3.8%︶ ᠶᠢᠨ ᠬᠢ ᠠᠴᠠ 0.5 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠨᠢᠭᠡᠳᠦᠭᠡᠷ ᠤᠯᠠᠷᠢᠯ ︵- 2.6︶ ᠠᠴᠠ 6.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠠᠷᠠᠳ ᠤᠨ ᠳᠤᠮᠳᠠᠬᠢ ᠲᠦᠷᠦᠯ ᠵᠦᠢᠯ ᠤᠨ ᠪᠡᠯᠡ ᠤᠷᠤᠭᠤᠯᠤᠯᠳᠠ ᠲᠣᠭᠲᠠᠭᠤᠨ ᠤ ᠳᠤᠮᠳᠠ ᠰᠠᠶᠢᠵᠢᠷᠠᠪᠠ᠃            ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠯᠡ ᠣᠷᠣᠭᠤᠯᠤᠯᠲᠠ ᠶᠡᠬᠡᠪᠡᠷ ᠨᠡᠮᠡᠭᠳᠡᠪᠡ᠃ 1 - 5 ᠳ᠋ᠤᠭᠠᠷ ᠰᠠᠷ᠎ᠠ ᠳᠤ ᠪᠦᠬᠦ ᠬᠤᠲᠠ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠠᠴᠠ 14.8 ᠵᠠᠭᠤᠨ ᠤ ᠨᠢᠭᠡᠴᠢ ᠥᠨᠳᠥᠷ ᠪᠣᠯᠪᠠ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠪᠠ ᠬᠠᠩᠭᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 27.3% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 12.1 ᠵᠠᠭᠤᠨ ᠤ ᠴᠡᠭ ᠥᠨᠳᠥᠷ ᠪᠣᠯᠵᠤ᠂ ᠪᠦᠬᠦ ᠪᠡᠯᠡ ᠣᠷᠣᠭᠤᠯᠤᠯᠲᠠ ᠶᠢ ᠨᠡᠶᠢᠲᠡ 3.9 ᠵᠠᠭᠤᠨ ᠤ ᠴᠡᠭ ᠳᠡᠭᠡᠭᠰᠢᠯᠡᠭᠦᠯᠪᠡ᠃            ᠳᠥᠷᠪᠡ᠂ ᠲᠤᠯᠭᠠᠭᠤᠷᠢᠯᠠᠬᠤ ᠠᠵᠢᠯ ᠲᠥᠷᠥᠯ ᠤᠨ ᠲᠤᠯᠭᠠᠭᠤᠷᠢᠯᠠᠬᠤ ᠦᠢᠯᠡᠳᠦᠯ ᠡᠷᠴᠢᠲᠡᠢ ᠪᠠᠶᠢᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠡᠷᠴᠢᠮᠲᠡᠢ ᠪᠠᠶᠢᠨ᠎ᠠ            1 - 4 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠦᠷᠭᠦᠯᠵᠢᠯᠡᠨ ᠬᠤᠶᠠᠷ ᠣᠷᠣᠨᠲᠤ ᠲᠤᠭ᠎ᠠ ᠶᠢᠨ ᠡᠶᠡᠷᠭᠦ ᠨᠡᠮᠡᠭᠳᠡᠯ ᠢ ᠪᠠᠲᠤᠯᠠᠪᠠ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 530 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10. 5% ᠪᠠᠷ ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 11.6 ᠵᠠᠭᠤᠨ ᠤ ᠨᠢᠭᠡᠴᠢ ᠥᠨᠳᠥᠷ ᠪᠣᠯᠵᠤ᠂ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠬᠤᠪᠢ ᠨᠡᠮᠡᠷᠢ ᠪᠠᠷ ᠬᠠᠮᠤᠭ ᠤᠨ ᠶᠡᠭᠡ᠂ ᠡᠵᠡᠩᠨᠡᠯᠲᠡ ᠶᠢᠨ ᠣᠷᠣᠯᠭ᠎ᠠ 70.8% ᠶᠢ ᠡᠵᠡᠯᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 7.3 ᠵᠠᠭᠤᠨ ᠤ ᠨᠢᠭᠡᠴᠢ ᠲᠠᠶᠢᠴᠢᠯᠠᠵᠠᠢ ᠃            ᠠᠵᠢᠯ ᠲᠥᠷᠥᠯ ᠪᠠᠷ ᠬᠤᠪᠢᠶᠠᠵᠤ ᠦᠵᠡᠪᠡᠯ᠂ 10 ᠶᠡᠭᠡ ᠠᠵᠢᠯ ᠲᠥᠷᠥᠯ ᠠᠴᠠ ︽7 ᠨᠢ ᠳᠡᠭᠡᠭᠰᠢᠯᠡᠵᠦ 3  ᠨᠢ ᠪᠠᠭᠤᠷᠠᠪᠠ︾᠂ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠪᠠ ᠰᠤᠷᠭᠠᠨ ᠬᠥᠮᠦᠵᠢᠯ ᠵᠡᠷᠭᠡ 4 ᠶᠡᠭᠡ ᠠᠵᠢᠯ ᠲᠥᠷᠥᠯ ᠦᠷᠭᠦᠯᠵᠢᠯᠡᠨ ᠬᠤᠶᠠᠷ ᠣᠷᠣᠨᠲᠤ ᠲᠤᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 10.4%᠂ 12.4%᠂ 19.9% ᠪᠠ 12.4% ᠨᠡᠮᠡᠭᠳᠡᠪᠡ᠃            ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠤᠯᠭᠠᠭᠤᠷᠢᠯᠠᠬᠤ ᠦᠢᠯᠡᠳᠦᠯ ᠡᠷᠴᠢᠲᠡᠢ ᠪᠠᠶᠢᠨ᠎ᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠠᠴᠠ 2.4 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠷᠢᠴᠠᠯ ᠨᠢ 76.2% ᠬᠦᠷᠴᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 9.6 ᠵᠠᠭᠤᠨ ᠤ ᠨᠢᠭᠡᠴᠢ ᠳᠠᠶᠢᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ ᠪᠣᠯᠪᠠ᠃   ᠲᠠᠶᠢᠯᠤᠮᠵᠢ ᠬᠢᠭᠰᠡᠨ ᠨᠢ᠄ ᠠᠢ ᠴᠤᠤ ᠬᠠᠷᠢᠯᠴᠠᠬᠤ᠄ 0471-4606255 ᠢᠷᠡᠯᠲᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ  
 
ᠢᠷᠡᠯᠲᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号