ᠰᠠᠶᠢᠬᠠᠨ ᠲᠣᠭᠤᠷᠢᠭ ︽ᠨᠠᠢᠮᠠᠨ ᠰᠠᠷ᠎ᠠ ᠶᠢᠨ ᠨᠢᠭᠡᠨ︾ ᠤ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/30
     ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠤᠨ ᠬᠠᠮ ᠠᠯᠪᠠᠨ ᠭᠡᠷ ᠪᠣᠯᠣᠨ ᠰᠠᠶᠢᠬᠠᠨ ᠲᠣᠭᠤᠷᠢᠭ ᠤᠨ ᠤᠯᠠᠭᠠᠨᠮᠥ᠋ᠴᠢᠷ ᠲᠠᠢ ᠭᠠᠷ ᠬᠤᠯᠪᠣᠨ ︽ᠬᠤᠶᠠᠷ ᠢ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠠᠤᠭ᠎ᠠ ᠬᠦᠴᠦᠨ ᠢ ᠲᠥᠪᠯᠡᠷᠡᠭᠦᠯᠬᠦ︾ ᠪᠠᠷ ᠭᠤᠣᠯ ᠰᠡᠳᠦᠪ ᠪᠣᠯᠭᠠᠭᠰᠠᠨ ︽ᠨᠠᠢᠮᠠᠨ ᠰᠠᠷ᠎ᠠ ᠶᠢᠨ ᠨᠢᠭᠡᠨ︾ ᠤ ᠲᠣᠬᠤᠨᠢᠭᠤᠯᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠵᠢᠯᠣᠭᠤᠳᠤᠭᠴᠢ ᠪᠠᠶᠢᠯᠳᠤᠭᠴᠢᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃
      ︽ᠴᠡᠩᠬᠡᠷ ᠬᠥᠬᠡ ᠣᠭᠲᠠᠷᠭᠤᠢ᠂ ᠨᠣᠮᠢᠨ ᠨᠣᠭᠤᠭᠠᠨ ᠡᠬᠡ ᠭᠠᠵᠠᠷ᠂ ᠡᠨᠡ ᠪᠣᠯ ᠬᠠᠮᠤᠭ ᠤᠨ ᠦᠵᠡᠰᠬᠦᠯᠡᠩᠲᠦ ᠲᠠᠯ᠎ᠠ ᠁︾ ᠲᠣᠬᠤᠨᠢᠭᠤᠯᠬᠤ ᠲᠣᠭᠯᠠᠯᠲᠠ ᠨᠢ ︽ᠮᠠᠯᠴᠢᠨ ᠬᠥᠮᠥᠨ ︾ ᠶᠢᠨ ᠳᠤᠮᠳᠠ ᠬᠥᠰᠢᠭᠡ ᠪᠠᠨ ᠰᠡᠬᠦᠵᠦ᠂  ᠳᠠᠷᠠᠭ᠎ᠠ ᠪᠠᠷ ᠨᠢ ᠬᠠᠮᠲᠤ ᠶᠢᠨ ᠪᠥᠵᠢᠭ ︽ᠴᠠᠭᠠᠨ ᠮᠣᠷᠢ︾ ᠨᠢ ᠬᠥᠷ ᠬᠥᠭᠵᠢᠶᠡᠨ ᠲᠠᠢ ᠪᠥᠵᠢᠭ ᠤᠨ ᠳᠦᠷᠢ ᠲᠥᠷᠬᠦ ᠪᠠᠷ ᠲᠤᠬᠠᠢ ᠶᠢᠨ ᠲᠠᠯᠠᠪᠠᠢ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠣᠭᠯᠠᠯᠲᠠ ᠶᠢᠨ ᠲᠡᠭᠦᠰᠬᠡᠯ ᠳᠤ᠂ ︽ᠡᠬᠡ ᠤᠯᠤᠰ ᠲᠠᠢ ᠪᠠᠨ ᠬᠠᠮᠲᠤ ᠪᠠᠶᠢᠬᠤ︾ᠭᠡᠬᠦ ᠳᠠᠭᠤᠤ ᠪᠠᠨ ᠰᠡᠳᠬᠢᠯᠭᠡ ᠲᠠᠢ ᠪᠠᠷ ᠳᠠᠭᠤᠯᠠᠵᠤ᠂ ᠡᠬᠡ ᠤᠯᠤᠰ ᠵᠶ᠋ᠠᠨ‌ᠬᠠᠶᠢᠷᠠᠯᠠᠬᠤ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠲᠤᠬᠠᠢ ᠶᠢᠨ ᠲᠠᠯᠠᠪᠠᠢ ᠳᠤ ᠬᠥᠮᠥᠨ ᠨᠢᠭᠡᠪᠦᠷᠢ ᠶᠢᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠣᠨ ᠬᠤᠪᠢᠰᠬᠠᠯ ᠤᠨ ᠢᠲᠡᠭᠡᠯ ᠪᠢᠰᠢᠷᠡᠯ ᠢ ᠬᠥᠭᠵᠢᠭᠡᠪᠡ᠃ ᠪᠦᠬᠦ᠋ᠢᠯᠡ ᠲᠣᠭᠯᠠᠯᠲᠠ ᠨᠢ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠠ ᠬᠠᠶᠢᠷ᠎ᠠ ᠬᠠᠯᠠᠮᠵᠢ ᠪᠠᠷ ᠪᠢᠯᠬᠠᠵᠤ᠂ ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠨ᠂ ᠴᠡᠷᠢᠭ ᠬᠥᠮᠥᠨ ᠳᠤ ᠡᠷᠬᠢᠮ ᠳᠡᠭᠡᠳᠦ ᠬᠦᠨᠳᠦᠳᠬᠡᠯ ᠪᠠ ᠰᠠᠶᠢᠨ ᠰᠠᠶᠢᠬᠠᠨ ᠬᠦᠰᠡᠯ ᠵᠥᠩᠨᠡᠯ ᠢ ᠴᠡᠷᠢᠭ ᠤᠨ ᠬᠤᠸᠠᠷᠠᠨ ᠨᠢᠭᠡᠪᠦᠷᠢ ᠳᠤ ᠬᠦᠷᠭᠡᠵᠦ᠂ ᠳᠠᠷᠤᠭ᠎ᠠ ᠪᠠᠶᠢᠯᠳᠤᠭᠴᠢ ᠨᠢᠭᠡᠪᠦᠷᠢ ᠳᠤ ᠳᠠᠮᠵᠢᠭᠤᠯᠠᠨ᠎ᠠ᠃
      ᠲᠤᠰ ᠤᠳᠠᠭᠠᠨ ᠤ ᠠᠵᠢᠯᠯᠠᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠶᠢᠯᠳᠤᠭᠴᠢᠳ ᠲᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃ ᠲᠣᠭᠯᠠᠭᠴᠢᠳ ᠴᠡᠷᠢᠭ ᠠᠩᠭᠢ ᠶᠢᠨ ᠰᠦᠷ ᠬᠦᠴᠦᠨ ᠳᠤ ᠨᠥᠯᠥᠭᠡᠯᠡᠭᠳᠡᠵᠦ᠂ ᠳᠠᠷᠤᠭ᠎ᠠ ᠪᠠᠶᠢᠯᠳᠤᠭᠴᠢᠳ ᠤᠨ ᠣᠶᠤᠨ ᠰᠠᠨᠠᠭᠠᠨ ᠤ ᠵᠣᠷᠢᠭᠵᠢᠭᠤᠯᠤᠯ ᠪᠣᠯᠵᠤ᠂ ᠡᠶᠢᠮᠦ ᠠᠷᠠᠳ ᠤᠨ ᠴᠡᠷᠢᠭ ᠠᠩᠭᠢ ᠶᠢᠨ ᠲᠥᠯᠥᠭᠡ ᠦᠨᠡᠨ ᠰᠡᠳᠬᠢᠯ ᠠᠴᠠ ᠪᠠᠨ ᠤᠮᠤᠭᠰᠢᠨ᠎ᠠ᠃ ᠬᠤᠶᠢᠰᠢᠳᠠ᠂ ᠰᠠᠶᠢᠬᠠᠨ ᠲᠣᠭᠤᠷᠢᠭ  ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠯᠪᠠᠨ ᠴᠡᠷᠢᠭ ᠵᠢᠴᠢ ᠲᠡᠭᠦᠨ ᠤ ᠭᠡᠷ ᠪᠦᠯᠢ ᠳᠤ ᠨᠡᠩ ᠪᠦᠬᠦ ᠲᠠᠯ᠎ᠠ ᠶᠢᠨ᠂ ᠪᠦᠷᠢᠨ ᠭᠦᠢᠴᠡᠳ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠴᠡᠷᠢᠭ ᠠᠷᠠᠳ ᠤᠨ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠴᠡᠷᠢᠭ ᠠᠷᠠᠳ ᠤᠨ ᠬᠤᠭᠤᠷᠣᠨᠳᠣᠬᠢ ᠭᠦᠨᠵᠡᠭᠡᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠴᠡᠷᠢᠭ ᠠᠷᠠᠳ ᠤᠨ ᠬᠠᠶᠢᠷ᠎ᠠ ᠰᠡᠳᠬᠢᠯᠭᠡ ᠭᠦᠨ ᠪᠠᠶᠢᠬᠤ᠂ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号