ᠰᠠᠶᠢᠬᠠᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/30
     ᠡᠯᠡᠰᠦᠷᠬᠡᠭᠵᠢᠯ  ᠢ ᠰᠡᠷᠭᠡᠶᠢᠯᠡᠨ ᠡᠯᠡᠰᠦᠷᠬᠡᠭᠵᠢᠯ  ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠠᠴᠠ ᠪᠠᠶᠢᠷᠢᠯᠠᠭᠤᠯᠤᠭᠰᠠᠨ︽ᠵᠢᠷᠭᠤᠭᠠᠨ ᠢᠨᠵᠧᠨᠧᠷᠢᠩ ︾ ᠤᠨ ᠨᠢᠭᠡ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ︽ᠲᠠᠪᠤᠨ ᠶᠡᠭᠡ ᠡᠭᠦᠷᠭᠡ︾ ᠶᠢ ᠨᠢᠭᠡᠳᠦᠯᠲᠡᠢ ᠲᠥᠯᠥᠪᠯᠡᠨ ᠰᠠᠶᠢᠲᠤᠷ ᠪᠡᠶᠡᠯᠡᠭᠦᠯᠦᠭᠰᠡᠨ ᠰᠢᠨ᠎ᠡ ᠶᠢ ᠡᠭᠦᠳᠬᠦ ᠠᠷᠭ᠎ᠠ ᠪᠣᠳᠣᠯᠭ᠎ᠠ ᠪᠣᠯᠣᠨ᠎ᠠ᠃ ᠰᠠᠶᠢᠬᠠᠨ ᠲᠣᠭᠤᠷᠢᠭ ᠬᠠᠷᠢᠶᠠᠨ ᠳᠠᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠴᠢᠨ ᠲᠣᠭᠤᠷᠢᠨ ᠢ ᠵᠠᠰᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠠᠷᠢᠯᠴᠠᠨ ᠤᠶᠠᠯᠳᠤᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨ᠎ᠡ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠬᠠᠨ ᠲᠣᠭᠤᠷᠢᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
         ᠰᠢᠨ ᠬᠤᠸᠠ 1 ᠲᠦᠮᠡᠨ ᠲᠣᠨ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠢ ᠠᠰᠢᠭᠯᠠᠯᠲᠠ ᠳᠤ ᠣᠷᠣᠭᠤᠯᠵᠤ᠂ ᠰᠢᠨ ᠬᠤᠸᠠᠨ 10 ᠲᠦᠮᠡᠨ ᠲᠣᠨ ᠮᠥᠬᠦᠯᠢᠭᠲᠦ ᠴᠠᠬᠢᠭᠤᠷ ᠤᠨ ᠲᠦᠷᠦᠯ ᠵᠦᠢᠯ ᠠᠯᠬᠤᠮ ᠠᠯᠬᠤᠮ ᠢᠶᠠᠷ ᠦᠢᠯᠡᠳᠪᠦᠷᠢᠯᠡᠯ ᠳᠤ ᠣᠷᠣᠵᠤ᠂ ᠰᠠᠢ ᠱᠧᠩ ᠨᠡᠭᠦᠷᠡᠰᠦᠲᠥ᠋ᠷᠥᠭᠴᠢᠲᠦ ᠴᠠᠬᠢᠭᠤᠷ᠂ ᠬᠤᠸᠠᠨ ᠱᠧᠩ 10GW ᠶᠢᠨ ᠲᠤᠨᠤᠭ ᠲᠥᠬᠦᠭᠡᠷᠦᠮᠵᠢ᠂ ᠰᠢᠨ ᠶᠤᠸᠠᠨ 5GW ᠶᠢᠨ ᠲᠤᠨᠤᠭ ᠵᠡᠷᠭᠡ ᠲᠦᠷᠦᠯ ᠵᠦᠢᠯ ᠤᠨ ᠭᠤᠷᠪᠠᠳᠤᠭᠠᠷ ᠤᠯᠠᠷᠢᠯ ᠳᠤ ᠠᠯᠬᠤᠮ ᠠᠯᠬᠤᠮ ᠢᠶᠠᠷ ᠠᠰᠢᠭᠯᠠᠯᠲᠠ ᠳᠤ ᠣᠷᠣᠪᠠ ᠁ ᠤᠯᠠᠮ ᠠᠴᠠ ᠤᠯᠠᠮ ᠠᠷᠪᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠦᠢᠯᠡᠳᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠠᠰᠢᠭᠯᠠᠯᠲᠠ ᠳᠤ ᠣᠷᠣᠵᠤ᠂ ᠰᠠᠶᠢᠬᠠᠨ ᠲᠣᠭᠤᠷᠢᠭ ᠤᠨ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠨᠠᠩ ᠲᠡᠭᠦᠯᠳᠡᠷᠵᠢᠪᠡ᠃ ᠵᠢᠱᠢᠯᠲᠡ ᠪᠠᠷ ᠡᠨᠡ ᠵᠢᠯ ᠤᠨ ᠡᠴᠦᠰ ᠪᠣᠯᠬᠤ ᠳᠤ᠂ ᠪᠥᠬᠦ ᠣᠷᠣᠨ ᠤ ᠬᠡᠷᠡᠯ ᠴᠡᠨᠡᠭ ᠤᠨ ᠲᠠᠰ ᠤᠨ ᠴᠠᠬᠢᠭᠤᠷ ᠤᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 150GW ᠳᠤ ᠬᠦᠷᠦᠭᠦᠯᠵᠦ᠂ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠬᠦ ᠴᠢᠳᠠᠪᠤᠷᠢ ᠶᠢ 10GW ᠳᠤ ᠬᠦᠷᠦᠭᠦᠯᠦᠨ᠎ᠡ᠃ ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠤᠨ ᠬᠢᠨ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠲᠦᠷᠭᠡᠨ ᠬᠥᠭᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠳᠠᠭᠤᠰᠴᠤ ᠦᠷ᠎ᠡ ᠪᠦᠲᠦᠮᠵᠢ ᠣᠯᠬᠤ ᠶᠢ ᠲᠦᠷᠭᠡᠳᠬᠡᠵᠦ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠤᠷᠤᠰᠬᠠᠯ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠬᠦ ᠶᠢ ᠠᠬᠢᠭᠤᠯᠪᠠ᠃ ᠡᠭᠦᠨ ᠤ ᠬᠠᠮᠲᠤ᠂ ᠲᠠᠷᠬᠠᠯᠲᠠ ᠮᠠᠶ᠋ᠢᠭ ᠤᠨ ᠬᠡᠷᠡᠯ ᠴᠡᠨᠡᠭ ᠤᠨ ᠬᠡᠷᠡᠭᠯᠡᠯᠲᠡ ᠶᠢ ᠳᠡᠯᠭᠡᠷᠡᠭᠦᠯᠬᠦ ᠶᠢ ᠭᠦᠨᠵᠡᠭᠡᠶᠢᠷᠡᠭᠦᠯᠵᠦ᠂ ᠨᠠᠷᠢᠯᠢᠭ ᠵᠢᠭᠰᠠᠭᠠᠨ ᠪᠠᠶᠢᠴᠠᠭᠠᠵᠤ ᠡᠬᠢ ᠪᠠᠶᠠᠯᠢᠭ ᠢ ᠨᠠᠷᠢᠯᠢᠭ ᠣᠶᠢᠯᠠᠭᠠᠨ ᠵᠢᠭᠰᠠᠭᠠᠬᠤ ᠪᠠᠷ ᠳᠠᠮᠵᠢᠭᠤᠯᠤᠨ᠂ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢᠨ ᠲᠥᠰᠥᠯ︾ ᠢ ᠲᠣᠭᠲᠠᠭᠠᠵᠤ᠂ ᠨᠡᠭᠡᠭᠡᠨ ᠬᠥᠭᠵᠢᠭᠦᠯᠬᠦ ᠠᠷᠭ᠎ᠠ ᠵᠠᠮ ᠬᠢᠭᠡᠳ ᠲᠥᠷᠥᠯ ᠵᠦᠢᠯ ᠤᠨ ᠰᠢᠯᠢᠳᠡᠭ ᠢ ᠨᠢ ᠰᠣᠩᠭᠤᠬᠤ ᠪᠠᠷᠢᠮᠵᠢᠶ᠎ᠠ ᠶᠢ ᠲᠣᠳᠣᠷᠬᠠᠶᠢᠯᠠᠨ᠂ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠵᠢᠱᠢᠶᠡᠯᠡᠪᠡᠯ ᠰᠢᠨ ᠬᠤᠸᠠᠨ ᠴᠠᠬᠢᠭᠤᠷ ᠤᠨ ᠡᠨᠧᠷᠭᠢ᠂ ᠰᠢᠨ ᠬᠤᠸᠠ ᠡᠯᠧᠺᠲᠷᠣᠨ᠂ ᠰᠠᠢ ᠱᠧᠩ ᠴᠠᠬᠢᠭᠤᠷ ᠤᠨ ᠦᠢᠯᠡᠰ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠪᠥᠭᠡᠮᠨᠡᠷᠡᠯ ᠢ ᠪᠠᠶᠢᠭᠤᠯᠤᠨ᠎ᠠ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠲᠥᠷᠥᠯ ᠵᠦᠢᠯ ᠢ ᠪᠠᠶᠢᠷᠢᠰᠢᠭᠤᠯᠵᠤ᠂ ᠰᠠᠯᠬᠢ ᠭᠡᠷᠡᠯ ᠤᠰᠤᠲᠥ᠋ᠷᠥᠭᠴᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠡᠨᠧᠷᠭᠢ ᠶᠢᠨ ᠬᠥᠭᠵᠢᠯᠲᠡ ᠶᠢᠨ ᠰᠢᠰᠲ᠋ᠧᠮ ᠢ ᠪᠠᠶᠢᠭᠤᠯᠤᠨ᠎ᠠ᠃
     ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠪᠠ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠪᠣᠯ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠨ᠃ ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠬᠢᠯᠭᠠᠨ ᠬᠦᠴᠦᠨ ᠤ ᠠᠵᠢᠯ ᠲᠥᠷᠥᠯ ᠤᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠬᠡᠮ ᠢ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠬᠡᠬᠤᠲᠠ ᠶᠢᠨ ᠡᠨᠧᠷᠭᠢ ᠶᠢᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠠᠢ ᠬᠠᠮᠵᠢᠯᠴᠠᠨ ᠠᠵᠢᠯᠯᠠᠵᠤ᠂ ᠲᠣᠰᠣ ᠬᠡᠢ ᠶᠢ ᠬᠤᠯᠠ ᠳᠠᠮᠵᠢᠭᠤᠯᠬᠤ ᠬᠤᠭᠤᠯᠠᠢ᠂ ᠢᠯᠴᠢ ᠴᠠᠬᠢᠯᠭᠠᠨ ᠤ ᠦᠢᠯᠡᠳᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠬᠤᠭᠤᠯᠠᠢ ᠶᠢᠨ ᠲᠣᠣᠷ ᠤᠨ ᠰᠠᠶᠢᠬᠠᠨ ᠲᠣᠭᠤᠷᠢᠭ ᠤᠨ ᠡᠭᠦᠳᠡᠨ ᠥᠷᠲᠡᠭᠡ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠡᠨᠧᠷᠭᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠡᠭᠦᠨ ᠤ ᠬᠠᠮᠲᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 2x66 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠱᠢᠯᠲᠡ ᠪᠠᠷ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠵᠢᠩᠬᠢᠨᠢ ᠪᠠᠷ ᠠᠵᠢᠯ ᠡᠬᠢᠯᠡᠭᠦᠯᠵᠦ᠂ 2026 ᠣᠨ ᠳᠤ ᠵᠢᠩᠬᠢᠨᠢ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠴᠢᠯᠠᠭᠤᠨ ᠲᠣᠰᠣᠨ ᠤ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠵᠢᠯ ᠤᠨ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠬᠤ ᠬᠡᠮᠵᠢᠶ᠎ᠡ ᠶᠢ 450 ᠲᠦᠮᠡᠨ ᠲᠣᠨ ᠠᠴᠠ ᠳᠡᠭᠡᠭᠰᠢ ᠪᠣᠯᠭᠠᠨ᠎ᠠ᠃ ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠦᠨᠡᠮᠯᠡᠯ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠳᠤᠮᠳᠠ ᠲᠣᠭᠤᠷᠢᠮ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠨᠣᠭᠤᠭᠠᠨ ᠦᠨᠡᠮᠯᠡᠯ ᠤᠨ ᠠᠷᠠᠯᠵᠢᠶ᠎ᠠ ᠥᠷᠨᠢᠭᠦᠯᠬᠦ ᠶᠢ ᠠᠬᠢᠭᠤᠯᠤᠨ᠎ᠠ᠃ ︽ᠪᠦᠬᠦᠯᠢ ᠰᠢᠶᠠᠨ ᠢᠶᠠᠷ ᠠᠬᠢᠭᠤᠯᠬᠤ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠪᠠᠶᠢᠭᠤᠯᠭ᠎ᠠ ᠨᠢᠭᠡᠴᠡ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠬᠦᠷᠢᠶᠡᠨ ᠳᠤ ᠨᠢᠭᠡ ᠪᠦᠯᠦᠭ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠲᠥᠷᠥᠯ ᠵᠦᠢᠯ ᠢ ᠲᠥᠰᠥᠪᠯᠡᠵᠦ᠂ ᠪᠦᠬᠦ ᠨᠡᠶᠢᠭᠡᠮ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠠᠬᠢᠭᠤᠯᠤᠨ᠎ᠠ᠃
    ᠢᠷᠡᠭᠡᠳᠦᠢ ᠳᠤ᠂ ᠰᠠᠶᠢᠬᠠᠨ ᠲᠣᠭᠤᠷᠢᠭ ᠦᠷᠭᠦᠯᠵᠢᠯᠡᠨ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠲᠡᠮᠡᠴᠡᠯ ᠤᠨ ᠣᠪᠣᠷ ᠪᠠᠶᠢᠳᠠᠯ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠲᠤᠯᠭᠠᠭᠤᠷᠢᠯᠠᠯ ᠤᠨ ︽ᠳᠤᠯᠠᠭᠠᠨ ᠢᠨᠵᠧᠨᠧᠷᠢᠩ︾ ᠤᠨ ᠴᠢᠳᠠᠪᠤᠷᠢ ᠶᠢ ᠴᠢᠩᠭᠠᠷᠠᠭᠤᠯᠵᠤ᠂ ᠴᠠᠬᠢᠯᠭᠠᠨ ᠬᠦᠴᠦᠨ ᠤ ᠭᠤᠣᠯ ᠲᠣᠣᠷ ᠤᠨ ᠪᠦᠲᠦᠴᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠨᠧᠷᠭᠢ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ︽ᠪᠦᠬᠦ ᠰᠢᠶᠠᠨ ᠢᠶᠠᠷ ᠠᠬᠢᠭᠤᠯᠬᠤ︾ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠲᠤᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠭᠡᠬᠦ ᠤᠷᠤᠯᠳᠤᠭᠠᠨ ᠤ ᠵᠠᠮ ︽ᠬᠤᠷᠳᠤᠴᠠ ᠶᠢ ᠲᠦᠷᠭᠡᠳᠬᠡᠬᠦ︾ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠲᠦᠷᠭᠡᠨ ᠨᠠᠶᠢᠳᠠᠪᠤᠷᠢᠵᠢᠭᠤᠯᠬᠤ ᠳᠤ ᠰᠠᠶᠢᠬᠠᠨ ᠬᠦᠴᠦᠨ ᠴᠢᠳᠠᠯ ᠢᠶᠠᠨ ᠡᠷᠭᠦᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号