ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠣᠯᠠᠨ ᠠᠵᠤ ᠠᠬᠤᠢᠯᠠᠯ ᠥᠪᠡᠷᠲᠡᠭᠡᠨ ᠵᠠᠰᠠᠬᠤ ᠣᠷᠣᠨ ᠤ ᠳᠡᠰ ᠤᠨ  ᠪᠣᠬᠢᠷᠲᠤᠯ ᠥᠬᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢᠨ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/7/30
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ 2024  ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢᠨ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ  ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠣᠯᠠᠨ ᠠᠵᠤ ᠠᠬᠤᠶᠢᠯᠠᠯ ᠡᠭᠦᠨ ᠳᠤ ᠣᠷᠣᠪᠠ᠃            ᠲᠤᠰ ᠤᠳᠠᠭᠠᠨ ᠤ ᠢᠷᠠᠭᠤ ᠠᠯᠳᠠᠷ ᠢ ᠣᠯᠣᠭᠰᠠᠨ ᠠᠵᠤ ᠠᠬᠤᠶᠢᠯᠠᠯ ᠤᠨ ᠳᠣᠲᠣᠷ᠎ᠠ᠂ ᠥᠪᠥᠷ ᠮᠣᠩᠭᠤᠯ ᠤᠨ ᠳ᠋ᠠ ᠶᠣᠣ ᠤᠮᠳᠠᠭᠠᠨ ᠤ ᠬᠢᠵᠠᠭᠠᠷᠲᠤ  ᠺᠣᠮᠫᠠᠨᠢ᠂ ᠥᠪᠥᠷ ᠮᠣᠩᠭᠤᠯ ᠤᠨ ᠴᠤᠸᠠᠩ ᠸᠧᠢ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠧᠩ ᠨᠠᠢ ᠴᠠᠬᠢᠯᠭᠠᠨ ᠤ ᠬᠤᠪᠢ  ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠠ ᠲᠠᠩ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠴᠢ  ᠥᠪᠥᠷ ᠮᠣᠩᠭᠤᠯ ᠤᠨ ᠱᠢ ᠵᠢᠢ ᠬᠥᠬᠡᠬᠤᠲᠠ ᠶᠢᠨ ᠬᠠᠷ᠎ᠠ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠬᠢᠷᠲᠤᠯ ᠦᠭᠡᠢ  ᠦᠢᠯᠡᠳᠪᠦᠷᠢ ᠶᠢᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠡᠳᠡᠭᠡᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠤᠪᠤᠷᠠᠯ᠂ ᠡᠬᠢ ᠪᠠᠶᠠᠯᠢᠭ ᠤᠨ  ᠠᠰᠢᠭᠯᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠴᠥᠮ ᠨᠡᠯᠢᠶᠡᠳ ᠥᠨᠳᠥᠷ ᠪᠣᠬᠢᠷᠲᠤᠯ ᠦᠭᠡᠢ ᠪᠠᠷᠢᠮᠵᠢᠶ᠎ᠠ ᠳᠤ ᠬᠦᠷᠦᠭᠰᠡᠨ ᠢ  ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ  ᠺᠣᠮᠫᠠᠨᠢ ᠨᠢ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂  ᠲᠡᠭᠦᠨ ᠤ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠲᠡᠷᠢᠭᠦᠨ ᠤ ᠴᠢᠨᠠᠷ ᠪᠣᠯᠤᠨ ᠭᠠᠷᠮᠠᠭᠠᠢ ᠢᠯᠡᠷᠡᠯ ᠢ ᠨᠢ  ᠬᠠᠷᠠᠭᠤᠯᠪᠠ᠃ ᠡᠲᠡᠭᠡᠷ ᠠᠵᠤ ᠠᠬᠤᠶᠢᠯᠠᠯ ᠤᠨ ᠰᠣᠩᠭᠤᠭᠳᠠᠭᠰᠠᠨ ᠶᠠᠪᠤᠳᠠᠯ ᠨᠢ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ  ᠲᠣᠭᠤᠷᠢᠭ ᠤᠨ ᠪᠣᠬᠢᠷᠲᠤᠯ ᠦᠭᠡᠢ ᠦᠢᠯᠡᠳᠬᠦ ᠬᠦᠷᠢᠶᠡᠨ ᠳᠤ ᠯᠠᠪᠳᠠᠭᠤᠨ ᠪᠠᠲᠤᠲᠠᠢ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号