ᠦᠶᠡᠷ ᠤᠨ ᠬᠤᠭᠤᠴᠠᠭᠠᠨ ᠤ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2024/7/30
     ᠭᠦᠭᠡᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠪᠦᠭᠦ ᠬᠤᠲᠠ ᠶᠢᠨ ᠦᠶᠡᠷ ᠤᠨ ᠬᠤᠭᠤᠴᠠᠭᠠᠨ ᠤ ᠠᠶᠤᠯ ᠭᠠᠮᠰᠢᠭ ᠠᠴᠠ ᠠᠪᠤᠷᠠᠬᠤ ᠠᠵᠢᠯ ᠢ ᠵᠣᠬᠢᠴᠠᠭᠤᠯᠬᠤ ᠬᠤᠷᠠᠯ ᠢ ᠲᠦᠷᠦᠭᠦᠬᠡᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠬᠦ ᠶᠢ ᠪᠠᠲᠤᠯᠠᠵᠤ ᠪᠠᠶᠢᠨ᠎ᠠ᠃      ᠬᠤᠷᠠᠯ ᠠᠴᠠ᠂ ᠡᠯ᠎ᠡ ᠭᠠᠵᠠᠷ ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠦᠶᠡᠷ  ᠤᠨ ᠬᠤᠭᠤᠴᠠᠭᠠᠨ ᠤ ᠠᠶᠤᠯ ᠭᠠᠮᠰᠢᠭ ᠠᠴᠠ ᠠᠪᠤᠷᠠᠬᠤ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠠᠶᠤᠯ ᠭᠠᠮᠰᠢᠭ ᠠᠴᠠ ᠠᠪᠤᠷᠠᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠡᠨᠡ ᠵᠢᠯ ᠪᠣᠯ ᠠᠭᠤᠷ  ᠠᠮᠢᠰᠬᠤᠯ ᠣᠨᠴᠠᠭᠠᠶ ᠵᠢᠯ ᠪᠣᠯᠣᠨ᠎ᠠ᠂ ᠪᠣᠷᠣᠭᠠᠨ ᠬᠤᠷ᠎ᠠ ᠥᠩᠭᠡᠷᠡᠭᠰᠡᠨ ᠵᠢᠯ ᠤᠨ ᠬᠢ ᠠᠴᠠ ᠡᠷᠲᠡ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠭᠡᠷ ᠠᠴᠠ 6 ᠰᠠᠷ᠎ᠠ ᠶᠢᠨ 5   ᠤ ᠡᠳᠦᠷ ᠠᠴᠠ ᠡᠬᠢᠯᠡᠨ 2024 ᠣᠨ ᠤ ᠦᠶᠡᠷ ᠤᠨ ᠬᠤᠭᠤᠴᠠᠭᠠᠨ ᠳᠤ ᠣᠷᠣᠵᠤ᠂ ᠥᠩᠭᠡᠷᠡᠭᠰᠡᠨ ᠵᠢᠯ ᠤᠨ ᠬᠢ ᠠᠴᠠ 10 ᠡᠳᠦᠷ ᠤᠷᠢᠳᠴᠢᠯᠠᠵᠠᠢ ᠭᠡᠵᠦ ᠨᠡᠶᠢᠲᠡᠯᠡᠪᠡ᠃      ᠣᠶᠢᠯᠠᠭᠠᠭᠰᠠᠨ ᠢᠶᠠᠷ᠂ ᠭᠦᠭᠡᠬᠤᠳᠠ ᠤᠳᠠᠯ ᠦᠭᠡᠢ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠣᠯᠣᠨ᠎ᠠ᠂ ᠭᠦᠭᠡᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ  ᠤᠨ ᠬᠢᠨ ᠰᠡᠷᠭᠡᠶᠢᠯᠡᠨ ᠠᠷᠭᠠᠴᠠᠭᠠᠬᠤ ᠶᠢ ᠲᠤᠪᠤᠶᠢᠯᠭᠠᠵᠤ᠂ ᠠᠶᠤᠯ ᠭᠠᠮᠰᠢᠭ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ ︽ᠰᠡᠷᠭᠡᠶᠢᠯᠡᠬᠦ︾ ᠭᠤᠣᠯᠳᠠᠯᠭ᠎ᠠ ᠶᠢ ᠲᠤᠪᠤᠶᠢᠯᠭᠠᠵᠤ᠂ ᠰᠡᠷᠭᠡᠶᠢᠯᠡᠬᠦ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠪᠡᠯᠡᠳᠬᠡᠯ ᠲᠥᠰᠥᠯ ᠤᠨ ᠪᠡᠯᠡᠳᠬᠡᠯ ᠢ ᠲᠣᠪᠤᠶᠢᠯᠭᠠᠨ᠂ ᠭᠠᠮᠰᠢᠭ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠪᠠᠴᠢᠮ ᠠᠪᠤᠷᠠᠨ ᠲᠤᠰᠠᠯᠠᠬᠤ᠂ ᠰᠢᠯᠵᠢᠭᠦᠯᠦᠨ ᠲᠥᠪᠬᠢᠨᠡᠭᠦᠯᠬᠦ᠂ ᠠᠮᠢᠳᠤᠷᠠᠯ ᠢ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠰᠡᠷᠭᠦᠭᠡᠵᠦ ᠲᠠᠭᠢᠨ ᠪᠠᠶᠢᠭᠤᠯᠬᠤ ᠵᠡᠷᠭᠡ ᠡᠯ᠎ᠡ  ᠲᠦᠷᠦᠯ ᠤᠨ ᠪᠡᠯᠡᠳᠬᠡᠯ ᠲᠥᠰᠥᠯ ᠳᠤ ᠬᠠᠨᠳᠤᠯᠭᠠᠲᠤ ᠴᠢᠨᠠᠷᠲᠠᠢ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃  ᠠᠶᠤᠯ ᠠᠴᠠ ᠠᠪᠤᠷᠠᠬᠤ ᠡᠩᠨᠡᠭᠡᠨ ᠤ ᠪᠡᠯᠡᠳᠬᠡᠯ ᠢ ᠲᠤᠪᠤᠶᠢᠯᠭᠠᠵᠤ᠂  ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠪᠠᠶᠢᠭᠤᠯᠭ᠎ᠠ ᠪᠠ ᠤᠯᠠᠨ ᠲᠦᠮᠡᠨ ᠢ ᠤᠶᠠᠯᠳᠤᠭᠤᠯᠬᠤ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ᠂ ᠡᠩ ᠤᠨ ᠦᠶ᠎ᠡ ᠪᠠ ᠠᠪᠤᠷᠠᠯᠳᠠ ᠶᠢᠨ ᠦᠶ᠎ᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠮᠡᠷᠭᠡᠵᠢᠯ ᠤᠨ ᠬᠦᠴᠦᠨ ᠢ ᠲᠡᠭᠦᠯᠳᠡᠷᠵᠢᠭᠦᠯᠵᠦ᠂ ᠬᠠᠮᠵᠢᠯᠴᠠᠨ ᠰᠣᠷᠢᠯᠲᠠ ᠬᠢᠬᠦ ᠶᠢ ᠴᠢᠩᠭᠠᠳᠬᠠᠵᠤ᠂ ᠪᠠᠴᠢᠮ ᠬᠦᠴᠢᠷ ᠡᠭᠦᠷᠭᠡ ᠶᠢ ᠪᠡᠶᠡᠯᠡᠭᠦᠯᠵᠦ ᠳᠡᠶᠢᠯᠭᠦ ᠶᠢ ᠪᠠᠲᠤᠯᠠᠨ᠎ᠠ᠃ ᠡᠳ᠋ ᠪᠣᠳᠠᠰ ᠤᠨ ᠪᠡᠯᠡᠳᠬᠡᠯ ᠢ ᠲᠤᠪᠤᠶᠢᠯᠭᠠᠵᠤ᠂ ᠡᠯ᠎ᠡ ᠭᠠᠵᠠᠷ ᠣᠷᠣᠨ ᠤ ᠬᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠡᠯᠡ ᠮᠥᠩᠭᠦ ᠣᠯᠵᠤ ᠨᠥᠭᠡᠴᠡᠯᠡᠯᠲᠡ ᠶᠢᠨ ᠬᠥᠮᠥᠷᠭᠡ ᠶᠢᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ ᠨᠥᠭᠡᠴᠡᠯᠡᠯᠲᠡ ᠶᠢᠨ ᠡᠳ᠋ ᠪᠣᠳᠠᠰ ᠤᠨ ᠲᠦᠷᠦᠯ ᠵᠦᠢᠯ ᠪᠣᠯᠣᠨ ᠲᠤᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠠᠷᠭ᠎ᠠ ᠵᠠᠮ ᠪᠣᠯᠣᠨ ᠲᠠᠷᠬᠠᠭᠠᠬᠤ ᠶᠠᠪᠤᠴᠠ ᠶᠢ ᠰᠢᠯᠢᠳᠡᠭᠵᠢᠭᠦᠯᠦᠨ᠎ᠡ᠃ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号