ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/31
       ᠡᠮ ᠤᠨ ᠵᠦᠢᠯ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠬᠠᠮᠤᠭ ᠤᠨ ᠴᠢᠩᠭ᠎ᠠ︾ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠲᠤᠰᠬᠠᠢ ᠴᠡᠭᠴᠡᠯᠡᠨ ᠵᠠᠰᠠᠬᠤ ᠬᠤᠷᠴᠠ ᠰᠡᠯᠡᠮ᠎ᠡ ᠶᠢ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢᠨ ᠨᠠᠷᠢᠨ ᠰᠦᠯᠵᠢᠶ᠎ᠡ ᠲᠠᠢ ᠨᠢᠭᠲᠠ ᠤᠶᠠᠯᠳᠤᠭᠤᠯᠵᠤ᠂ ᠡᠮ ᠤᠨ ᠵᠦᠢᠯ ᠤᠨ ᠵᠠᠬ᠎ᠠ ᠳᠡᠯᠭᠡᠭᠦᠷ ᠲᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠠᠷᠢᠯᠭᠠᠵᠤ᠂ ᠪᠦᠬᠦᠯᠢ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠡᠨ᠎ᠡ᠃
   ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 504 ᠡᠮ ᠤᠨ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠮ ᠤᠨ ᠳᠡᠯᠭᠡᠭᠦᠷ ᠤᠨ ᠡᠮ ᠤᠨ ᠵᠦᠢᠯ ᠢ ᠬᠤᠳᠠᠯᠳᠤᠨ ᠣᠷᠣᠭᠤᠯᠬᠤ ᠠᠷᠭ᠎ᠠ ᠵᠠᠮ ᠨᠢ ᠳᠦᠷᠢᠮᠵᠢᠭᠰᠡᠨ ᠡᠰᠡᠬᠦ᠂ ᠬᠠᠳᠠᠭᠠᠯᠠᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠠᠵᠢᠯ ᠡᠷᠬᠢᠯᠡᠬᠦ ᠡᠮ ᠨᠠᠶᠢᠷᠠᠭᠴᠢ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠬᠤ ᠡᠰᠡᠬᠦ᠂ ᠵᠣᠷ ᠤᠨ ᠡᠮ ᠨᠢ ᠵᠣᠷ ᠢᠶᠠᠨ ᠴᠢᠩᠭ᠎ᠠ ᠵᠢᠷᠤᠮᠯᠠᠨ ᠪᠣᠷᠣᠯᠠᠭᠤᠯᠵᠤ ᠪᠠᠶᠢᠬᠤ ᠡᠰᠡᠬᠦ᠂ ᠬᠤᠭᠤᠴᠠᠭ᠎ᠠ ᠬᠡᠲᠦᠷᠡᠭᠰᠡᠨ ᠡᠮ ᠤᠨ ᠵᠦᠢᠯ ᠢ ᠲᠣᠬᠢᠲᠠᠢ ᠰᠢᠢᠳᠪᠦᠷᠢᠯᠡᠭᠰᠡᠨ ᠡᠰᠡᠬᠦ᠂ ᠰᠦᠯᠵᠢᠶᠡᠨ ᠤ ᠡᠮ ᠤᠨ ᠵᠦᠢᠯ ᠤᠨ ᠪᠣᠷᠤᠯᠠᠭᠤᠯᠭ᠎ᠠ ᠨᠢ ᠵᠢᠷᠤᠮᠵᠢᠯ ᠲᠠᠢ ᠪᠠᠶᠢᠬᠤ ᠡᠰᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠬᠤᠷᠢᠭᠯᠠᠵᠤ᠂ ᠡᠮ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠠᠲᠤᠯᠠᠪᠠ᠃
     ᠵᠢᠯ ᠤᠨ ᠡᠬᠢᠨ ᠠᠴᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 1194 ᠬᠥᠮᠥᠨ ᠤᠳᠠᠭ᠎ᠠ ᠬᠥᠳᠡᠯᠭᠡᠵᠦ᠂ ᠪᠥᠬᠦ ᠲᠣᠭᠤᠷᠢᠭ ᠤᠨ ᠬᠡᠪᠴᠢᠶᠡᠨ ᠳᠠᠬᠢ ᠡᠮ ᠤᠨ ᠵᠦᠢᠯ ᠢ ᠵᠢᠵᠢᠭᠯᠡᠨ ᠬᠤᠳᠠᠯᠳᠤᠬᠤ ᠵᠢᠴᠢ ᠬᠡᠷᠡᠭᠯᠡᠬᠦ ᠳᠡᠯᠭᠡᠭᠦᠷ ᠲᠤ ᠣᠯᠠᠨ ᠤᠳᠠᠭ᠎ᠠ ᠭᠦᠨᠵᠡᠭᠡᠢ ᠨᠠᠷᠢᠨ ᠪᠠᠶᠢᠴᠠᠭᠠᠯᠲᠠ ᠬᠢᠵᠡᠢ᠃ ᠣᠲᠣ ᠪᠣᠯᠲᠠᠯ᠎ᠠ᠂ ᠨᠢᠭᠡᠨᠲᠡ 539 ᠵᠠᠬ᠎ᠠ ᠳᠡᠯᠭᠡᠭᠦᠷ ᠢ ᠪᠠᠶᠢᠴᠠᠭᠠᠵᠤ᠂ 19 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠲᠣᠷᠭᠠᠵᠤ ᠬᠤᠷᠢᠶᠠᠮᠵᠢᠯᠠᠭᠰᠠᠨ ᠵᠣᠭᠤᠰ ᠨᠡᠶᠢᠲᠡ 192365.4 ᠲᠥᠭᠦᠷᠢᠭ ᠬᠦᠷᠴᠡᠢ᠃          ᠵᠠᠯᠭᠠᠭᠠᠳ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠥᠨᠳᠥᠷ ᠳᠠᠷᠤᠯᠲᠠᠲᠤ ᠪᠠᠶᠢᠳᠠᠯ ᠢᠶᠠᠨ ᠪᠠᠲᠤᠯᠠᠵᠤ᠂ ᠡᠮ ᠤᠨ ᠵᠦᠢᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ᠂ ᠨᠠᠩ ᠴᠢᠩᠭ᠎ᠠ ᠨᠢᠮᠪᠠᠢ ᠣᠪᠣᠷ ᠢᠶᠠᠷ ᠬᠢᠨᠠᠯᠲᠠ ᠬᠠᠮᠢᠶᠠᠷᠤᠯᠲᠠ ᠶᠢᠨ ᠡᠭᠦᠷᠭᠡ ᠨᠢᠭᠡᠪᠦᠷᠢ ᠳᠤ ᠣᠷᠣᠯᠴᠠᠨ᠎ᠠ᠃ ᠡᠭᠦᠨ ᠤ ᠬᠠᠮᠲᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠪᠠ ᠠᠷᠭ᠎ᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮ ᠤᠨ ᠵᠦᠢᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠪᠠ ᠡᠷᠡᠭᠦᠯ ᠢᠶᠠᠷ ᠬᠥᠭᠵᠢᠬᠦ ᠶᠢ ᠦᠨᠡᠨᠬᠦ  ᠪᠠᠳᠤᠯᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号